ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ ᠥᠨᠥᠳᠥᠷ ᠲᠠᠪᠤᠨᠲᠣᠯᠣᠭᠠᠢ ᠳ᠋ᠠᠬᠢ ᠵᠡᠪᠰᠡᠭᠲᠦ ᠬᠦᠴᠦᠨ ᠦ ᠰᠤᠷᠭᠠᠯᠲᠠ ᠢᠢᠨ ᠨᠢᠭᠡᠳᠦᠭᠰᠡᠨ ᠲᠥᠪ ᠲᠥ ᠪᠣᠯᠤᠭᠰᠠᠨ 《ᠠᠷᠪᠠᠲᠤ》 ᠣᠯᠠᠨ ᠤᠯᠤᠰ ᠤᠨ ᠮᠣᠷᠢᠨ ᠴᠡᠷᠢᠭ ᠦᠨ ᠤᠷᠤᠯᠳᠤᠭᠠᠨ ᠢ ᠬᠠᠭᠠᠵᠤ ᠦᠭᠡ ᠬᠡᠯᠡᠯ᠎ᠡ᠃
ᠣᠷᠣᠰ ᠤᠨ ᠬᠣᠯᠪᠣᠭᠠᠨ ᠤ ᠤᠯᠤᠰ ᠤᠨ ᠪᠠᠲᠤᠯᠠᠨ ᠬᠠᠮᠠᠭᠠᠯᠠᠬᠤ ᠶᠠᠮᠤᠨ ᠠᠴᠠ ᠵᠣᠬᠢᠶᠠᠨ ᠪᠠᠢᠢᠭᠤᠯᠳᠠᠭ ᠣᠯᠠᠨ ᠤᠯᠤᠰ ᠤᠨ ᠴᠡᠷᠢᠭ ᠦᠨ ᠨᠠᠭᠠᠳᠤᠮ ᠡᠨᠡ ᠵᠢᠯ 10 ᠤᠯᠤᠰ ᠤᠨ ᠨᠤᠲᠤᠭ ᠳᠡᠪᠢᠰᠬᠡᠷ ᠲᠥ 38 ᠲᠥᠷᠥᠯ ᠢᠶᠡᠷ ᠨᠠᠢᠢᠮᠠᠳᠤᠭᠠᠷ ᠰᠠᠷ᠎ᠠ ᠢᠢᠨ 3-10 ᠍ ᠤ ᠡᠳᠦᠷ ᠦᠳ ᠲᠥ ᠪᠣᠯᠵᠤ ᠪᠠᠢᠢᠭ᠎ᠠ ᠶᠤᠮ᠃
ᠡᠮᠦᠨᠡᠬᠢ ᠨᠠᠭᠠᠳᠤᠮ ᠤᠳ ᠲᠤ ᠮᠣᠩ᠋ᠭᠣᠯ ᠤᠯᠤᠰ ᠤᠨ ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ ᠡᠴᠡ 《ᠲᠠᠩᠺ ᠤᠨ ᠪᠢᠠᠲ᠋ᠠᠯᠣᠨ》᠂ 《ᠮᠡᠷᠭᠡᠨ ᠪᠤᠤᠳᠠᠭᠴᠢ ᠢᠢᠨ ᠵᠠᠭᠠᠭ》᠂ 《ᠴᠡᠷᠢᠭ ᠦᠨ ᠬᠡᠭᠡᠷ᠎ᠡ ᠢᠢᠨ ᠭᠠᠯ ᠲᠣᠭᠣᠭ᠎ᠠ》 ᠲᠡᠮᠡᠴᠡᠭᠡᠨ ᠳᠥ ᠣᠷᠣᠯᠴᠠᠵᠤ ᠪᠠᠢᠢᠭᠰᠠᠨ ᠪᠣᠯ ᠡᠨᠡ ᠵᠢᠯ ᠠᠩᠬ᠎ᠠ ᠤᠳᠤᠭ᠎ᠠ ᠪᠠᠨ ᠵᠣᠬᠢᠶᠠᠨ ᠪᠠᠢᠢᠭᠤᠯᠤᠭᠴᠢ ᠤᠯᠤᠰ ᠤᠨ ᠰᠲ᠋ᠠᠲ᠋ᠦ᠋ᠰ ᠲᠠᠢ ᠪᠠᠷ 《ᠠᠷᠪᠠᠲᠤ》 ᠣᠯᠠᠨ ᠤᠯᠤᠰ ᠤᠨ ᠮᠣᠷᠢᠨ ᠴᠡᠷᠢᠭ ᠦᠨ ᠤᠷᠤᠯᠳᠤᠭᠠᠨ ᠢ ᠵᠣᠬᠢᠶᠠᠨ ᠪᠠᠢᠢᠭᠤᠯᠤᠯ᠎ᠠ᠃
ᠤᠷᠤᠯᠳᠤᠭᠠᠨ ᠳᠤ ᠣᠷᠣᠯᠴᠠᠭᠴᠢ ᠪᠠᠷ ᠮᠣᠩ᠋ᠭᠣᠯ ᠤᠯᠤᠰ᠂ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠢᠢᠷᠠᠮᠳᠠᠬᠤ ᠺᠠᠰᠠᠭᠰᠲ᠋ᠠᠨ ᠤᠯᠤᠰ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ᠂ ᠠᠮᠧᠷᠢᠺᠠ ᠢᠢᠨ ᠨᠢᠭᠡᠳᠦᠭᠰᠡᠨ ᠤᠯᠤᠰ᠂ ᠪᠦᠭᠦᠳᠡ ᠨᠠᠢᠢᠷᠠᠮᠳᠠᠬᠤ ᠬᠢᠲᠠᠳ ᠤᠯᠤᠰ᠂ ᠪᠦᠭᠦᠳᠡ ᠨᠠᠢᠢᠷᠠᠮᠳᠠᠬᠤ ᠽᠢᠩᠪᠠᠪᠸᠧ ᠤᠯᠤᠰ᠂ ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠶᠧᠲ᠋ᠨᠠᠮ ᠤᠯᠤᠰ ᠠᠵᠢᠭᠯᠠᠭᠴᠢ ᠪᠠᠷ ᠣᠷᠣᠯᠴᠠᠭᠰᠠᠨ ᠶᠤᠮ᠃
ᠲᠡᠮᠡᠴᠡᠭᠡᠨ ᠬᠣᠶᠠᠷ ᠡᠳᠦᠷ᠂ ᠨᠢᠭᠡ ᠰᠥᠨᠢ ᠢᠢᠨ ᠲᠤᠷᠰᠢ ᠦᠷᠭᠦᠯᠵᠢᠯᠡᠵᠦ ᠡᠬᠢᠨ ᠦ ᠡᠳᠦᠷ 130 ᠺᠢᠯᠣᠮᠧᠲ᠋ᠷ ᠳᠥ ᠮᠣᠷᠢ ᠪᠤᠭᠤᠢᠢᠯᠢᠳᠠᠨ ᠲᠡᠭᠦᠨ ᠢ ᠪᠡᠨ ᠤᠨᠤᠯᠭ᠎ᠠ ᠳᠤ ᠪᠡᠯᠡᠳᠬᠡᠬᠦ᠂ ᠮᠣᠷᠢ ᠪᠠᠷ ᠤᠰᠤᠨ ᠪᠣᠯᠤᠨ ᠪᠤᠰᠤᠳ ᠰᠠᠭᠠᠳ ᠢ ᠲᠤᠭᠤᠯᠬᠤ᠂ ᠮᠣᠯᠴᠣᠭ ᠡᠯᠡᠰᠦᠨ ᠳᠥ ᠬᠣᠨᠣᠭᠯᠠᠵᠤ ᠰᠤᠮᠤ᠂ ᠭᠠᠯᠲᠤ ᠬᠡᠷᠡᠭᠰᠡᠯ ᠢᠶᠡᠨ ᠮᠣᠷᠢ ᠪᠠᠷ ᠵᠦᠭᠡᠭᠡᠪᠦᠷᠢᠯᠡᠬᠦ ᠵᠡᠷᠭᠡ ᠳᠠᠭᠠᠭᠠᠯᠭᠠᠪᠤᠷᠢ ᠭᠦᠢᠴᠡᠳᠭᠡᠭ᠍ᠰᠡᠨ ᠶᠤᠮ᠃ ᠬᠠᠷᠢᠨ ᠲᠡᠮᠡᠴᠡᠭᠡᠨ ᠦ ᠬᠣᠶᠠᠷ ᠳᠠᠬᠢ ᠡᠳᠦᠷ 7.2 ᠺᠢᠯᠣᠮᠧᠲ᠋ᠷ ᠦᠨ ᠪᠣᠭᠣᠨᠢ ᠵᠠᠢ ᠳᠤ ᠶᠠᠪᠠᠭᠠᠨ ᠢᠶᠠᠷ ᠭᠠᠷᠠᠭᠠᠨ ᠠᠴᠠ ᠭᠠᠷᠴᠤ ᠭᠷᠠᠨᠠᠲ ᠰᠢᠳᠡᠬᠦ᠂ ᠰᠠᠭᠠᠳ ᠲᠤᠭᠤᠯᠵᠤ ᠪᠤᠤᠳᠠᠯᠭ᠎ᠠ ᠬᠢᠬᠦ᠂ ᠮᠣᠷᠢᠨ ᠠᠴᠠ ᠭᠷᠠᠨᠠᠲ ᠰᠢᠳᠡᠬᠦ ᠵᠡᠷᠭᠡ ᠳᠠᠭᠠᠭᠠᠯᠭᠠᠪᠤᠷᠢ ᠢᠢ ᠭᠦᠢᠴᠡᠳᠬᠡᠯ᠎ᠡ᠃
ᠬᠣᠶᠠᠷ ᠭᠠᠷᠠᠭᠠᠨ ᠤ ᠨᠢᠭᠡᠳᠦᠭᠰᠡᠨ ᠳᠦᠩ ᠢᠢᠡᠷ ᠲᠡᠮᠡᠴᠡᠭᠡᠨ ᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠰᠤᠷᠭᠠᠯᠲᠠ ᠢᠢᠨ ᠬᠡᠯᠲᠡᠰ ᠦᠨ ᠪᠡᠶ᠎ᠡ ᠢᠢᠨ ᠲᠠᠮᠢᠷ᠂ ᠰᠫᠣᠷᠲ ᠤᠨ ᠲᠠᠰᠤᠭ ᠤᠨ ᠮᠡᠷᠭᠡᠵᠢᠯᠲᠡᠨ᠂ ᠳᠡᠳ᠋ ᠬᠤᠷᠠᠨᠳᠠ ᠴ ∙ ᠮᠥᠩᠬᠡᠲᠦᠰᠢᠭ ᠳᠠᠰᠬᠠᠯᠵᠢᠭᠤᠯᠤᠭᠴᠢ ᠲᠠᠢ ᠵᠡᠪᠰᠡᠭᠲᠦ ᠬᠦᠴᠦᠨ ᠦ 120᠂ 232᠂ 256᠂ 330 ᠳ᠋ᠤᠭᠠᠷ ᠠᠩᠬᠢ ᠢᠢᠨ ᠰᠢᠯᠢᠳᠡᠭ ᠣᠹᠢᠼᠧᠷ᠂ ᠠᠬᠠᠯᠠᠭᠴᠢᠳ ᠠᠴᠠ ᠪᠦᠷᠢᠳᠦᠭᠰᠡᠨ ᠮᠣᠩ᠋ᠭᠣᠯ ᠤᠯᠤᠰ ᠤᠨ ᠵᠡᠪᠰᠡᠭᠲᠦ ᠬᠦᠴᠦᠨ ᠦ ᠪᠠᠭ ᠲᠡᠷᠢᠭᠦᠯᠡᠯ᠎ᠡ᠃ ᠬᠠᠷᠢᠨ ᠬᠣᠶᠠᠳᠤᠭᠠᠷ ᠪᠠᠢᠢᠷᠢᠨ ᠳᠤ᠂ ᠪᠦᠭᠦᠳᠡ ᠨᠠᠢᠢᠷᠠᠮᠳᠠᠬᠤ ᠺᠠᠰᠠᠭᠰᠲ᠋ᠠᠨ᠂ ᠭᠤᠷᠪᠠᠳᠤᠭᠠᠷ ᠪᠠᠢᠢᠷᠢᠨ ᠳᠤ ᠪᠦᠭᠦᠳᠡ ᠨᠠᠢᠢᠷᠠᠮᠳᠠᠬᠤ ᠺᠢᠷᠭᠢᠽ᠂ ᠣᠷᠣᠰ ᠤᠨ ᠬᠣᠯᠪᠣᠭᠠᠨ ᠤ ᠤᠯᠤᠰ ᠤᠨ ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ ᠣᠷᠣᠵᠤ᠂ ᠲᠡᠮᠡᠴᠡᠭᠡᠨ ᠢᠶᠡᠨ ᠥᠨᠳᠦᠷᠯᠡᠭᠦᠯᠪᠡ᠃
ᠲᠡᠮᠡᠴᠡᠭᠡᠨ ᠦ ᠬᠠᠭᠠᠯᠲᠠ ᠢᠢᠨ ᠶᠣᠰᠣᠯᠠᠯ ᠤᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ ᠲᠠᠪᠤᠨᠲᠣᠯᠣᠭᠠᠢ ᠳ᠋ᠠᠬᠢ ᠵᠡᠪᠰᠡᠭᠲᠦ ᠬᠦᠴᠦᠨ ᠦ ᠰᠤᠷᠭᠠᠯᠲᠠ ᠢᠢᠨ ᠨᠢᠭᠡᠳᠦᠭᠰᠡᠨ ᠲᠥᠪᠡᠳ ᠬᠦᠷᠦᠯᠴᠡᠨ ᠣᠴᠢᠭᠰᠠᠨ ᠶᠤᠮ᠃
ᠮᠥᠨ ᠬᠠᠭᠠᠯᠲᠠ ᠢᠢᠨ ᠶᠣᠰᠣᠯᠠᠯ ᠳᠤ ᠪᠠᠲᠤᠯᠠᠨ ᠬᠠᠮᠠᠭᠠᠯᠠᠬᠤ ᠢᠢᠨ ᠰᠠᠢᠢᠳ ᠨ ∙ ᠡᠩᠬᠡᠪᠣᠯᠤᠳ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠬᠣᠰᠢᠭᠤᠴᠢ ᠭᠧᠨᠧᠷᠠᠯ ᠠ᠊ ∙ ᠭᠠᠩᠪᠠᠲᠤ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ᠂ ᠣᠷᠣᠰ ᠤᠨ ᠬᠣᠯᠪᠣᠭᠠᠨ ᠤ ᠤᠯᠤᠰ ᠤᠨ ᠪᠠᠲᠤᠯᠠᠨ ᠬᠠᠮᠠᠭᠠᠯᠠᠬᠤ ᠶᠠᠮᠤᠨ ᠤ ᠣᠷᠣᠯᠠᠭᠴᠢ ᠰᠠᠢᠢᠳ᠂ ᠬᠤᠷᠠᠨᠳᠠ ᠭᠧᠨᠧᠷᠠᠯ ᠠ᠊ ∙ ᠸ ∙ ᠹᠣᠮᠢᠨ᠂ ᠣᠷᠣᠰ ᠤᠨ ᠬᠣᠯᠪᠣᠭᠠᠨ ᠤ ᠤᠯᠤᠰ ᠤᠨ ᠲᠥᠪ ᠦᠨ ᠴᠡᠷᠢᠭ ᠦᠨ ᠲᠣᠭᠣᠷᠢᠭ ᠤᠨ 41 ᠳᠦᠭᠡᠷ ᠠᠷᠮᠢ ᠢᠢᠨ ᠺᠣᠮᠠᠨ᠋ᠳ᠋ᠯᠠᠭᠴᠢ ᠢᠢᠨ ᠣᠷᠣᠯᠠᠭᠴᠢ᠂ ᠬᠣᠰᠢᠭᠤᠴᠢ ᠭᠧᠨᠧᠷᠠᠯ ᠠ᠊ ∙ ᠸ ∙ ᠫᠣᠳ᠋ᠸᠢᠯᠣᠸ᠂ ᠪᠦᠭᠦᠳᠡ ᠨᠠᠢᠢᠷᠠᠮᠳᠠᠬᠤ ᠺᠠᠰᠠᠭᠰᠲ᠋ᠠᠨ ᠤᠯᠤᠰ ᠍ ᠤᠨ ᠥᠷᠥᠨᠡᠲᠦ ᠢᠢᠨ ᠴᠡᠷᠢᠭ ᠦᠨ ᠲᠣᠭᠣᠷᠢᠭ ᠤᠨ ᠺᠣᠮᠠᠨ᠋ᠳ᠋ᠯᠠᠭᠴᠢ ᠢᠢᠨ ᠣᠷᠣᠯᠠᠭᠴᠢ᠂ ᠬᠤᠷᠠᠨᠳᠠ ᠳ ∙ ᠶᠡ᠊ ∙ ᠬᠠᠮᠢᠲ᠋ᠣᠸ᠂ ᠺᠢᠷᠭᠢᠽ ᠤᠯᠤᠰ ᠤᠨ ᠬᠠᠭᠤᠷᠠᠢ ᠵᠠᠮ ᠤᠨ ᠴᠡᠷᠢᠭ ᠦᠨ ᠺᠣᠮᠠᠨ᠋ᠳ᠋ᠯᠠᠯ ᠤᠨ ᠰᠤᠷᠭᠠᠯᠲᠠ ᠢᠢᠨ ᠲᠥᠪ ᠦᠨ ᠳᠠᠷᠤᠭ᠎ᠠ᠂ ᠳᠡᠳ᠋ ᠬᠤᠷᠠᠨᠳᠠ ᠠ᠊ ∙ ᠳ ∙ ᠣᠷᠺᠣᠱᠧᠸ ᠪᠣᠯᠤᠨ ᠤᠷᠤᠯᠳᠤᠭᠠᠨ ᠳᠤ ᠣᠷᠣᠯᠴᠠᠭᠴᠢ᠂ ᠠᠵᠢᠭᠯᠠᠭᠴᠢ ᠣᠷᠣᠨ ᠤ ᠡᠯᠴᠢᠨ ᠰᠠᠢᠢᠳ᠂ ᠭᠧᠨᠧᠷᠠᠯ᠂ ᠣᠹᠢᠼᠧᠷ ᠤᠳ ᠤᠷᠤᠯᠴᠠᠪᠠ᠃
《ᠠᠷᠪᠠᠳᠤ》 ᠣᠯᠠᠨ ᠤᠯᠤᠰ ᠤᠨ ᠮᠣᠷᠢᠨ ᠴᠡᠷᠢᠭ ᠦᠨ ᠤᠷᠤᠯᠳᠤᠭᠠᠨ ᠳᠤ ᠲᠦᠷᠦᠭᠦᠯᠡᠭᠰᠡᠨ ᠮᠣᠩ᠋ᠭᠣᠯ ᠤᠯᠤᠰ ᠤᠨ ᠵᠡᠪᠰᠡᠭᠲᠦ ᠬᠦᠴᠦᠨ ᠦ ᠪᠠᠭ ᠲᠤ ᠨᠢᠭᠡᠳᠦᠭᠡᠷ ᠪᠠᠢᠢᠷᠢ ᠢᠢᠨ ᠱᠠᠩᠨᠠᠯ ᠢ ᠣᠷᠣᠰ ᠤᠨ ᠬᠣᠯᠪᠣᠭᠠᠨ ᠤ ᠤᠯᠤᠰ ᠤᠨ ᠪᠠᠲᠤᠯᠠᠨ ᠬᠠᠮᠠᠭᠠᠯᠠᠬᠤ ᠶᠠᠮᠤᠨ ᠤ ᠣᠷᠣᠯᠠᠭᠴᠢ ᠰᠠᠢᠢᠳ᠂ ᠬᠤᠷᠠᠨᠳᠠ ᠭᠧᠨᠧᠷᠠᠯ ᠠ᠊ ∙ ᠸ ∙ ᠹᠣᠮᠢᠨ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠨᠠᠷ ᠭᠠᠷᠳᠠᠭᠤᠯᠵᠤ᠂ ᠪᠠᠶᠠᠷ ᠬᠦᠷᠭᠡᠯᠦᠭᠡ᠃
ᠱᠠᠩᠨᠠᠯ ᠭᠠᠷᠳᠠᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ 《ᠠᠷᠪᠠᠲᠤ》 ᠮᠣᠷᠢᠨ ᠴᠡᠷᠢᠭ ᠦᠨ ᠤᠷᠤᠯᠳᠤᠭᠠᠨ ᠢ ᠬᠠᠭᠠᠵᠤ᠄
《ᠳᠠᠢᠢᠴᠢᠳ ᠠ᠋᠂ ᠠᠯᠪᠠᠨ ᠬᠠᠭᠠᠭᠴᠢᠳ ᠠ᠋᠂
ᠬᠦᠨᠳᠦᠳᠦ ᠵᠣᠴᠢᠳ ᠠ᠋᠂ ᠨᠠᠢᠢᠵᠠ ᠨᠥᠬᠥᠳ ᠡ!
ᠮᠣᠷᠢᠲᠠᠨ ᠮᠣᠩ᠋ᠭᠣᠯᠴᠤᠳ ᠤᠨ ᠡᠬᠡ ᠣᠷᠣᠨ ᠳᠤ 《ᠠᠷᠪᠠᠲᠤ》 ᠣᠯᠠᠨ ᠤᠯᠤᠰ ᠤᠨ ᠮᠣᠷᠢᠨ ᠴᠡᠷᠢᠭ ᠦᠨ ᠤᠷᠤᠯᠳᠤᠭᠠᠨ ᠢ ᠠᠮᠵᠢᠯᠲᠠᠲᠠᠢ ᠵᠣᠬᠢᠶᠠᠨ ᠪᠠᠢᠢᠭᠤᠯᠤᠭᠰᠠᠨ ᠳᠤ ᠮᠢᠨᠦ ᠪᠡᠶ᠎ᠡ ᠨᠡᠩ ᠪᠠᠶᠠᠷᠲᠠᠢ᠂ ᠭᠦᠨ ᠲᠠᠯᠠᠷᠬᠠᠯ ᠲᠠᠢ ᠪᠠᠢᠢᠨ᠎ᠠ᠃
ᠮᠣᠷᠢᠨ ᠴᠡᠷᠢᠭ ᠦᠨ ᠠᠩᠬᠠᠳᠤᠭᠠᠷ ᠤᠷᠤᠯᠳᠤᠭᠠᠨ ᠳᠤ ᠣᠷᠣᠯᠴᠠᠵᠤ᠂ ᠪᠡᠷᠬᠡ ᠢᠢ ᠲᠤᠭᠤᠯᠵᠤ᠂ ᠰᠠᠭᠠᠳ ᠢ ᠳᠠᠪᠠᠨ ᠪᠠᠷᠢᠶᠠᠨ ᠳᠤ ᠣᠷᠣᠭᠰᠠᠨ ᠪᠦᠬᠦ ᠲᠠᠮᠢᠷᠴᠢᠨ ᠳᠠᠢᠢᠴᠢᠳ ᠲᠤ ᠲᠠᠯ᠎ᠠ ᠢᠢᠨ ᠮᠣᠷᠢᠲᠠᠨ ᠨᠤᠭᠤᠳ ᠤᠨ ᠡᠮᠦᠨ᠎ᠡ ᠡᠴᠡ ᠪᠣᠯᠤᠨ ᠬᠤᠪᠢ ᠠᠴᠠ ᠪᠠᠨ ᠬᠠᠯᠠᠭᠤᠨ ᠪᠠᠶᠠᠷ ᠬᠦᠷᠭᠡᠶ᠎ᠡ᠃
ᠮᠣᠩ᠋ᠭᠣᠯ ᠤᠨ ᠰᠢᠨ᠎ᠡ ᠦᠶ᠎ᠡ ᠢᠢᠨ ᠲᠡᠦᠬᠡᠨ ᠳᠥ ᠬᠠᠮᠢᠶᠠᠷᠬᠤ ᠡᠬᠡ ᠣᠷᠣᠨ᠂ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠬᠦ᠂ ᠤᠯᠤᠰ ᠣᠷᠣᠨ ᠢᠶᠠᠨ ᠪᠠᠲᠤᠯᠠᠨ ᠬᠠᠮᠠᠭᠠᠯᠠᠬᠤ ᠪᠦᠬᠦᠢ ᠯᠠ ᠦᠢᠯᠡ ᠶᠠᠪᠤᠳᠠᠯ ᠤᠳ ᠲᠤ ᠮᠣᠩ᠋ᠭᠣᠯ ᠮᠣᠷᠢᠨ ᠤ ᠭᠦᠢᠴᠡᠳᠭᠡᠭ᠍ᠰᠡᠨ ᠡᠭᠦᠷᠭᠡ ᠬᠡᠮᠵᠢᠶᠡᠯᠡᠰᠢ ᠦᠭᠡᠢ᠃ ᠤᠳᠠᠬᠤ ᠦᠭᠡᠢ 80 ᠵᠢᠯ ᠦᠨ ᠣᠢ ᠢᠢ ᠨᠢ ᠲᠡᠮᠳᠡᠭᠯᠡᠬᠦ ᠬᠠᠯᠬ᠎ᠠ ᠢᠢᠨ ᠭᠣᠣᠯ ᠤᠨ ᠪᠠᠢᠢᠯᠳᠤᠭᠠᠨ ᠳᠤ ᠴᠤ ᠮᠣᠷᠢᠲᠤ ᠴᠡᠷᠢᠭ ᠳᠠᠭᠠᠭᠠᠯᠭᠠᠪᠤᠷᠢ ᠪᠡᠶᠡᠯᠡᠭᠦᠯᠵᠦ᠂ ᠢᠯᠠᠯᠲᠠ ᠢᠢ ᠠᠪᠴᠢᠷᠠᠯᠴᠠᠭᠰᠠᠨ ᠭᠠᠪᠢᠶ᠎ᠠ ᠲᠠᠢ ᠶᠤᠮ᠃ ᠪᠢᠳᠡ ᠬᠠᠯᠬ᠎ᠠ ᠢᠢᠨ ᠭᠣᠣᠯ ᠤᠨ ᠲᠡᠦᠬᠡᠨ ᠣᠢ ᠢᠢ ᠮᠥᠷᠥ ᠵᠡᠷᠭᠡᠴᠡᠨ ᠲᠤᠯᠤᠯᠳᠤᠵᠤ ᠶᠠᠪᠤᠭᠰᠠᠨ ᠠᠨᠳᠠ ᠨᠥᠬᠦᠳ ᠲᠡᠢ ᠪᠡᠨ ᠥᠷᠭᠡᠨ ᠲᠡᠮᠳᠡᠭᠯᠡᠬᠦ ᠪᠡᠷ ᠵᠡᠬᠡᠵᠦ ᠪᠠᠢᠢᠨ᠎ᠠ᠃
ᠣᠷᠣᠰ ᠤᠨ ᠬᠣᠯᠪᠣᠭᠠᠨ ᠤ ᠤᠯᠤᠰ ᠤᠨ ᠰᠠᠨᠠᠭᠠᠴᠢᠯᠠᠭ᠎ᠠ ᠪᠠᠷ ᠵᠣᠬᠢᠶᠠᠨ ᠪᠠᠢᠢᠭᠤᠯᠤᠭᠳᠠᠳᠠᠭ 《ᠴᠡᠷᠢᠭ ᠦᠨ ᠲᠣᠭᠯᠠᠯᠲᠠ》 ᠣᠯᠠᠨ ᠤᠯᠤᠰ ᠤᠨ ᠤᠷᠤᠯᠳᠤᠭᠠᠨ ᠤ ᠬᠥᠲᠥᠯᠪᠦᠷᠢ ᠳᠥ ᠡᠨᠡ ᠵᠢᠯ ᠡᠴᠡ ᠰᠢᠨ᠎ᠡ ᠪᠡᠷ 《ᠠᠷᠪᠠᠲᠤ》 ᠮᠣᠷᠢᠨ ᠴᠡᠷᠢᠭ ᠦᠨ ᠤᠷᠤᠯᠳᠤᠭᠠᠨ ᠢ ᠣᠷᠣᠭᠤᠯᠵᠤ᠂ ᠠᠩᠬᠠᠨ ᠤ ᠬᠢ ᠨᠢ ᠲᠡᠮᠡᠴᠡᠭᠡᠨ ᠢ ᠮᠣᠩ᠋ᠭᠣᠯ ᠤᠯᠤᠰ ᠵᠣᠬᠢᠶᠠᠨ ᠪᠠᠢᠢᠭᠤᠯᠤᠭᠰᠠᠨ ᠳᠤ ᠪᠢᠳᠡ ᠣᠨᠴᠤᠭᠤᠢ ᠠᠴᠢ ᠬᠣᠯᠪᠣᠭᠳᠠᠯ ᠥᠭᠴᠦ ᠪᠠᠢᠢᠭ᠎ᠠ᠃
《ᠠᠷᠪᠠᠳᠤ》 ᠮᠣᠷᠢᠨ ᠴᠡᠷᠢᠭ ᠦᠨ ᠲᠡᠮᠡᠴᠡᠭᠡᠨ ᠶᠠᠭᠤᠨ ᠤ ᠡᠮᠦᠨ᠎ᠡ ᠤᠯᠠᠮᠵᠢᠯᠠᠯᠲᠤ ᠨᠠᠢᠢᠷᠠᠮᠳᠠᠯ ᠨᠥᠬᠥᠷᠯᠡᠯ᠂ ᠠᠷᠠᠳ ᠲᠦᠮᠡᠨ ᠨᠦᠭᠦᠳ ᠦᠨ ᠬᠠᠷᠢᠯᠴᠠᠨ ᠣᠢᠢᠯᠠᠭᠠᠯᠴᠠᠯ᠂ ᠢᠲᠡᠭᠡᠯᠴᠡᠯ ᠢ ᠪᠡᠬᠢᠵᠢᠭᠦᠯᠬᠦ ᠳᠥ ᠲᠤᠰᠠᠲᠠᠢ᠃ ᠲᠡᠭᠦᠨᠴᠢᠯᠡᠨ ᠠᠶᠤᠯ ᠦᠭᠡᠢ ᠪᠠᠢᠢᠳᠠᠯ᠂ ᠪᠥᠰᠡ ᠨᠤᠲᠤᠭ ᠤᠨ ᠲᠣᠭᠲᠠᠪᠤᠷᠢᠲᠠᠢ ᠪᠠᠢᠢᠳᠠᠯ ᠢ ᠬᠠᠩ᠋ᠭᠠᠨ ᠪᠡᠬᠢᠵᠢᠭᠦᠯᠵᠦ᠂ ᠬᠦᠮᠦᠨ ᠲᠥᠷᠥᠯᠬᠢᠲᠡᠨ ᠦ ᠨᠡᠢᠢᠲᠡᠯᠢᠭ ᠠᠰᠢᠭ ᠰᠣᠨᠢᠷᠬᠠᠯ ᠢ ᠬᠠᠮᠲᠤ ᠢᠢᠨ ᠬᠦᠴᠦ᠂ ᠨᠢᠭ᠌ᠲᠠ ᠠᠵᠢᠯᠯᠠᠭ᠎ᠠ ᠪᠠᠷ ᠬᠠᠩ᠋ᠭᠠᠬᠤ ᠪᠡᠯᠡᠳᠬᠡᠯ ᠪᠣᠯᠵᠤ᠂ ᠢᠲᠡᠭᠡᠯᠴᠡᠯ ᠢ ᠨᠡᠮᠡᠭᠳᠡᠭᠦᠯᠵᠦ ᠪᠠᠢᠢᠨ᠎ᠠ᠃
《ᠴᠡᠷᠢᠭ ᠦᠨ ᠲᠣᠭᠯᠠᠯᠲᠠ》 ᠣᠯᠠᠨ ᠤᠯᠤᠰ ᠤᠨ ᠤᠷᠤᠯᠳᠤᠭᠠᠨ ᠵᠢᠯ ᠡᠴᠡ ᠵᠢᠯ ᠳᠥ ᠬᠦᠷᠢᠢᠠ ᠪᠡᠨ ᠲᠡᠯᠡᠨ ᠪᠠᠢᠢᠭ᠎ᠠ ᠲᠠᠢ ᠵᠡᠷᠭᠡᠴᠡᠨ 《ᠠᠷᠪᠠᠲᠤ》 ᠮᠣᠷᠢᠨ ᠴᠡᠷᠢᠭ ᠦᠨ ᠤᠷᠤᠯᠳᠤᠭᠠᠨ ᠳᠤ ᠣᠷᠣᠯᠴᠠᠭᠴᠢᠳ ᠤᠨ ᠲᠣᠭ᠎ᠠ ᠴᠤ ᠨᠡᠮᠡᠭᠳᠡᠵᠦ᠂ ᠤᠯᠠᠮ ᠪᠦᠷᠢ ᠥᠷᠭᠡᠵᠢᠨ᠎ᠡ ᠭᠡᠳᠡᠭ ᠲᠥ ᠢᠲᠡᠭᠡᠯᠲᠡᠢ ᠪᠠᠢᠢᠨ᠎ᠠ᠃
ᠤᠷᠤᠯᠳᠤᠭᠠᠨ ᠳᠤ ᠣᠷᠣᠯᠴᠠᠭᠰᠠᠨ ᠪᠠᠭ᠂ ᠲᠠᠮᠢᠷᠴᠢᠳ ᠲᠤ ᠳᠠᠬᠢᠨ ᠲᠠᠯᠠᠷᠬᠠᠯ ᠳᠡᠪᠰᠢᠭᠦᠯᠵᠦ᠂ ᠰᠠᠢᠢᠨ ᠰᠠᠢᠢᠬᠠᠨ ᠢ ᠢᠷᠦᠭᠡᠶ᠎ᠡ᠃
ᠮᠣᠷᠢᠲᠠᠨ ᠳᠠᠢᠢᠴᠢᠳ ᠤᠨ ᠥᠯᠥᠭᠡᠢ ᠨᠤᠲᠤᠭ ᠲᠤ ᠳᠠᠬᠢᠨ ᠪᠠᠶᠠᠷᠲᠠᠢ ᠠᠭᠤᠯᠵᠠᠵᠤ᠂ ᠬᠦᠴᠦ ᠴᠢᠳᠠᠯ ᠢᠶᠠᠨ ᠰᠣᠷᠢᠬᠤ᠂ ᠤᠷ᠎ᠠ ᠴᠢᠳᠠᠪᠤᠷᠢ ᠪᠠᠨ ᠭᠠᠢᠢᠬᠠᠭᠤᠯᠬᠤ ᠢᠢ ᠤᠷᠢᠶ᠎ᠠ᠃
ᠪᠠᠶᠠᠷᠯᠠᠯ᠎ᠠ》 ᠭᠡᠵᠦ ᠬᠡᠯᠡᠯ᠎ᠡ᠃