ᠮᠣᠩ᠋ᠭᠣᠯ ᠤᠯᠤᠰ ᠲᠤ ᠵᠣᠬᠢᠶᠠᠨ ᠪᠠᠢᠢᠭᠤᠯᠤᠭᠳᠠᠵᠤ ᠪᠤᠢ 《ᠠᠽᠢᠶ᠎ᠠ ᠢᠢᠨ ᠲᠥᠯᠦᠭᠡᠬᠢ ᠪᠣᠠᠣ᠋ ᠹᠣᠷᠣᠢᠮ》 ᠍ ᠤᠨ ᠤᠯᠠᠭᠠᠨᠪᠠᠭᠠᠲᠤᠷ ᠤᠨ ᠪᠠᠭ᠎ᠠ ᠬᠤᠷᠠᠯ ᠳᠤ ᠣᠷᠣᠯᠴᠠᠬᠤ ᠪᠠᠷ ᠬᠦᠷᠦᠯᠴᠡᠨ ᠢᠷᠡᠭᠰᠡᠨ ᠹᠣᠷᠣᠢᠮ ᠤᠨ ᠳᠠᠷᠤᠭ᠎ᠠ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠰᠠᠨ ᠪᠠᠨ ᠭᠢ ᠮᠦᠨ ᠲᠡᠷᠢᠭᠦᠲᠡᠢ ᠲᠥᠯᠦᠭᠡᠯᠡᠭᠴᠢᠳ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠥᠨᠥᠳᠥᠷ ᠬᠦᠯᠢᠶᠡᠨ ᠠᠪᠴᠤ ᠠᠭᠤᠯᠵᠠᠯ᠎ᠠ᠃
ᠲᠡᠷᠡ ᠪᠡᠷ 《ᠠᠽᠢᠶ᠎ᠠ ᠢᠢᠨ ᠲᠥᠯᠦᠭᠡᠬᠢ ᠪᠣᠠᠣ᠋ ᠹᠣᠷᠣᠢᠮ》 ᠍ ᠤᠨ ᠲᠥᠯᠦᠭᠡᠯᠡᠭᠴᠢᠳ ᠲᠡᠢ ᠠᠭᠤᠯᠵᠠᠵᠤ ᠪᠠᠢᠢᠭ᠎ᠠ ᠳᠤ ᠪᠠᠨ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠭᠡᠳ᠂ ᠹᠣᠷᠣᠢᠮ ᠤᠨ ᠰᠠᠨᠠᠭᠠᠴᠢᠯᠠᠭᠴᠢ ᠣᠷᠣᠨ ᠨᠤᠭᠤᠳ ᠤᠨ ᠨᠢᠭᠡ ᠪᠣᠯᠬᠤ ᠮᠣᠩ᠋ᠭᠣᠯ ᠤᠯᠤᠰ ᠨᠢ ᠹᠣᠷᠣᠢᠮ ᠤᠨ ᠦᠢᠯᠡ ᠠᠵᠢᠯᠯᠠᠭᠠᠨ ᠳᠤ ᠢᠳᠡᠪᠬᠢᠲᠡᠢ ᠣᠷᠣᠯᠴᠠᠬᠤ ᠢᠢ ᠵᠣᠷᠢᠵᠤ ᠢᠷᠡᠭᠰᠡᠨ ᠢ ᠲᠡᠮᠳᠡᠭᠯᠡᠪᠡ᠃
ᠲᠡᠭᠦᠨᠴᠢᠯᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠪᠣᠠᠣ᠋ ᠹᠣᠷᠣᠢᠮ ᠳ᠋ᠠᠬᠢ ᠡᠷᠳᠡᠮᠲᠡᠨ ᠰᠤᠳᠤᠯᠤᠭᠠᠴᠢᠳ᠂ ᠪᠢᠽᠢᠨ᠋᠋ᠧᠰ ᠡᠷᠬᠢᠯᠡᠭᠴᠢᠳ᠂ ᠲᠥᠷᠦ᠂ ᠵᠠᠰᠠᠭ ᠤᠨ ᠠᠯᠪᠠᠨ ᠤ ᠬᠦᠮᠦᠰ ᠦᠨ ᠣᠷᠣᠯᠴᠠᠭ᠎ᠠ ᠨᠢ ᠠᠽᠢᠶ᠎ᠠ ᠲᠢᠪ ᠦᠨ ᠠᠰᠠᠭᠤᠳᠠᠯ ᠢᠶᠠᠷ ᠰᠠᠨᠠᠯ ᠮᠡᠳᠡᠭᠡᠯᠡᠯ ᠰᠣᠯᠢᠯᠴᠠᠬᠤ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠣᠯᠤᠮᠵᠢ ᠢᠢ ᠶᠠᠷᠢᠯᠴᠠᠬᠤ ᠠᠴᠠ ᠭᠠᠳᠠᠨ᠎ᠠ ᠮᠣᠩ᠋ᠭᠣᠯ ᠤᠯᠤᠰ ᠲᠠᠢ ᠶᠠᠪᠤᠭᠤᠯᠵᠤ ᠪᠤᠢ ᠪᠢᠽᠢᠨ᠋᠋ᠧᠰ ᠦᠨ ᠬᠠᠷᠢᠯᠴᠠᠭᠠᠨ ᠳᠤ ᠲᠤᠯᠭᠠᠷᠠᠵᠤ ᠪᠤᠢ ᠰᠠᠭᠠᠳ ᠪᠡᠷᠬᠡᠰᠢᠶᠡᠯ ᠢ ᠳᠠᠪᠠᠨ ᠲᠤᠭᠤᠯᠬᠤ᠂ ᠴᠢᠨᠠᠭᠰᠢᠳᠠ ᠥᠷᠭᠡᠨ ᠬᠦᠷᠢᠶᠡᠨ ᠳᠥ ᠬᠠᠮᠲᠤᠷᠠᠨ ᠠᠵᠢᠯᠯᠠᠬᠤ ᠪᠣᠯᠤᠯᠴᠠᠭ᠎ᠠ ᠢᠢ ᠡᠷᠦᠯᠬᠢᠯᠡᠬᠦ ᠵᠠᠪᠰᠢᠶᠠᠨ ᠣᠯᠭᠤᠵᠤ ᠪᠤᠢ ᠢᠢ ᠣᠨᠴᠠᠯᠠᠨ ᠲᠡᠮᠳᠡᠭᠯᠡᠪᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠪᠣᠠᠣ᠋ ᠹᠣᠷᠣᠢᠮ ᠤᠨ ᠦᠢᠯᠡ ᠠᠵᠢᠯᠯᠠᠭᠠᠨ ᠳᠤ ᠮᠣᠩ᠋ᠭᠣᠯ ᠤᠯᠤᠰ ᠢᠳᠡᠪᠬᠢᠲᠡᠢ ᠣᠷᠣᠯᠴᠠᠬᠤ ᠪᠣᠳᠣᠯᠭ᠎ᠠ ᠪᠠᠷᠢᠮᠲᠠᠯᠠᠬᠤ ᠢᠢᠨ ᠰᠠᠴᠠᠭᠤ ᠨᠣᠶᠠᠨ ᠪᠠᠨ ᠭᠢ ᠮᠦᠨ ᠦ ᠲᠡᠷᠢᠭᠦᠯᠡᠳᠡᠭ ᠪᠠᠢᠢᠭᠠᠯᠢ ᠣᠷᠴᠢᠨ ᠤ ᠪᠠᠢᠢᠭᠤᠯᠤᠯᠭ᠎ᠠ ᠨᠤᠭᠤᠳ ᠲᠠᠢ ᠬᠠᠮᠲᠤ ᠢᠢᠨ ᠠᠵᠢᠯᠯᠠᠭ᠎ᠠ ᠢᠢ ᠪᠠᠨ ᠥᠷᠭᠡᠵᠢᠭᠦᠯᠬᠦ ᠰᠣᠨᠢᠷᠬᠠᠯ ᠲᠠᠢ ᠪᠠᠢᠢᠭ᠎ᠠ ᠢᠢ ᠢᠯᠡᠷᠬᠡᠢᠢᠯᠡᠯ᠎ᠡ᠃
ᠨᠣᠶᠠᠨ ᠪᠠᠨ ᠭᠢ ᠮᠦᠨ ᠪᠣᠠᠣ᠋ ᠹᠣᠷᠣᠢᠮ ᠤᠨ ᠠᠷᠭ᠎ᠠ ᠬᠡᠮᠵᠢᠶ᠎ᠡ ᠢᠢ ᠠᠩᠬ᠎ᠠ ᠤᠳᠠᠭ᠎ᠠ ᠡᠬᠡ ᠣᠷᠣᠨ ᠳᠤ ᠪᠠᠨ ᠵᠣᠬᠢᠶᠠᠨ ᠪᠠᠢᠢᠭᠤᠯᠵᠤ ᠪᠠᠢᠢᠭ᠎ᠠ ᠮᠣᠩ᠋ᠭᠣᠯ ᠤᠯᠤᠰ ᠤᠨ ᠵᠠᠰᠠᠭ ᠤᠨ ᠭᠠᠵᠠᠷ ᠲᠤ ᠲᠠᠯᠠᠷᠬᠠᠯ ᠢᠯᠡᠷᠬᠡᠢᠢᠯᠡᠵᠦ᠂ ᠮᠣᠩ᠋ᠭᠣᠯ ᠤᠯᠤᠰ ᠤᠨ ᠡᠳ᠋ ᠍ ᠦᠨ ᠵᠠᠰᠠᠭ᠂ ᠨᠡᠢᠢᠭᠡᠮ ᠤᠨ ᠬᠥᠭ᠍ᠵᠢᠯ ᠬᠤᠷᠳᠤᠴᠠ ᠲᠠᠢ ᠥᠰᠴᠦ ᠪᠤᠢ ᠦᠶ᠎ᠡ ᠳᠥ ᠡᠨᠡᠬᠦ ᠹᠣᠷᠣᠢᠮ ᠢ ᠵᠣᠬᠢᠶᠠᠨ ᠪᠠᠢᠢᠭᠤᠯᠵᠤ ᠪᠠᠢᠢᠭ᠎ᠠ ᠢᠢ ᠣᠨᠴᠠᠯᠠᠪᠠ᠃
ᠮᠥᠨ ᠢᠷᠡᠬᠦ ᠵᠢᠯ ᠲᠣᠬᠢᠶᠠᠬᠤ 《ᠠᠽᠢᠶ᠎ᠠ ᠢᠢᠨ ᠲᠥᠯᠦᠭᠡᠬᠢ ᠪᠣᠠᠣ᠋ ᠹᠣᠷᠣᠢᠮ》 ᠍ ᠢᠢᠨ 20 ᠵᠢᠯ ᠦᠨ ᠣᠢ ᠢᠢᠨ ᠦᠢᠯᠡ ᠠᠵᠢᠯᠯᠠᠭᠠᠨ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠣᠷᠣᠯᠴᠠᠬᠤ ᠢᠢ ᠤᠷᠢᠵᠤ ᠪᠠᠢᠢᠭ᠎ᠠ ᠪᠠᠨ ᠹᠣᠷᠣᠢᠮ ᠤᠨ ᠳᠠᠷᠤᠭ᠎ᠠ ᠨᠣᠶᠠᠨ ᠪᠠᠨ ᠭᠢ ᠮᠦᠨ ᠠᠭᠤᠯᠵᠠᠯᠲᠠ ᠢᠢᠨ ᠦᠶ᠎ᠡ ᠪᠡᠷ ᠤᠯᠠᠮᠵᠢᠯᠠᠪᠠ᠃
ᠲᠡᠭᠦᠨᠴᠢᠯᠡᠨ ᠨᠣᠶᠠᠨ ᠪᠠᠨ ᠭᠢ ᠮᠦᠨ ᠠᠭᠤᠷ ᠠᠮᠢᠰᠬᠤᠯ ᠤᠨ ᠥᠭᠡᠷᠡᠴᠢᠯᠡᠯᠲᠡ ᠡᠴᠡ ᠤᠯᠪᠠᠭᠠᠯᠠᠭᠰᠠᠨ ᠣᠯᠠᠨ ᠤᠯᠤᠰ᠂ ᠪᠥᠰᠡ ᠨᠤᠲᠤᠭ ᠳᠠᠬᠢ ᠰᠣᠷᠢᠯᠲᠠ ᠨᠤᠭᠤᠳ ᠢ ᠬᠥᠨᠳᠡᠵᠦ᠂ ᠵᠡᠭᠦᠨ ᠬᠣᠢᠢᠳ ᠠᠽᠢᠶ᠎ᠠ ᠢᠢᠨ ᠴᠡᠪᠡᠷ ᠠᠭᠠᠷ ᠤᠨ ᠲᠦᠩᠰᠢᠯᠡᠯ (NEACAP)᠂ ᠥᠪᠡᠷ ᠦᠨ ᠲᠡᠷᠢᠭᠦᠯᠡᠳᠡᠭ ᠳᠠᠶᠠᠩ ᠳᠡᠯᠡᠬᠡᠢ ᠢᠢᠨ ᠨᠣᠭᠣᠭᠠᠨ ᠬᠥᠭ᠍ᠵᠢᠯ ᠦᠨ ᠪᠠᠢᠢᠭᠤᠯᠤᠯᠭ᠎ᠠ (GGGI) ᠵᠡᠷᠭᠡ ᠮᠧᠬᠠᠨᠢᠰᠮ ᠤᠳ ᠤᠨ ᠬᠦᠷᠢᠶᠡᠨ ᠳᠥ ᠮᠣᠩ᠋ᠭᠣᠯ ᠤᠯᠤᠰ ᠲᠠᠢ ᠠᠭᠠᠷ ᠤᠨ ᠪᠣᠬᠢᠷᠳᠠᠯ ᠢ ᠪᠠᠭᠤᠷᠠᠭᠤᠯᠬᠤ᠂ ᠨᠣᠭᠣᠭᠠᠨ ᠬᠥᠭ᠍ᠵᠢᠯ ᠢ ᠳᠡᠮᠵᠢᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠣᠯᠤᠮᠵᠢ ᠲᠠᠢ ᠢᠢ ᠲᠡᠮᠳᠡᠭᠯᠡᠯ᠎ᠡ᠃
ᠲᠠᠯ᠎ᠠ ᠨᠤᠭᠤᠳ ᠪᠦᠰᠡ ᠨᠤᠲᠤᠭ ᠤᠨ ᠠᠭᠠᠷ ᠤᠨ ᠴᠢᠨᠠᠷ ᠢ ᠰᠠᠢᠢᠵᠢᠷᠠᠭᠤᠯᠬᠤ᠂ ᠡᠷᠴᠢᠮ ᠬᠦᠴᠦᠨ ᠦ ᠬᠦᠷᠲᠡᠭᠡᠮᠵᠢ ᠢᠢ ᠨᠡᠮᠡᠭᠳᠡᠭᠦᠯᠬᠦ ᠠᠷᠭ᠎ᠠ ᠵᠠᠮ ᠤᠨ ᠲᠠᠯ᠎ᠠ ᠪᠠᠷ ᠳᠡᠯᠭᠡᠷᠡᠩᠭᠦᠢ ᠰᠠᠨᠠᠯ ᠰᠣᠯᠢᠯᠴᠠᠭᠰᠠᠨ ᠶᠤᠮ᠃