Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠮᠠᠴᠠᠮ ᠤᠨ ᠠᠭᠤᠯᠵᠠᠯᠲᠠ ᠳᠤ ᠣᠷᠣᠯᠴᠠᠵᠤ᠂ ᠬᠥᠷᠥᠩᠭᠡ ᠣᠷᠣᠭᠤᠯᠤᠭᠴᠢᠳ ᠤᠨ ᠰᠣᠨᠢᠷᠬᠠᠭᠰᠠᠨ ᠠᠰᠠᠭᠤᠯᠲᠠ ᠳᠤ ᠬᠠᠷᠢᠭᠤᠯᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩ᠋ᠭᠣᠯ ᠳ᠋ᠠᠬᠢ ᠠᠮᠧᠷᠢᠺᠠ ᠢᠢᠨ ᠬᠤᠳᠠᠯᠳᠤᠭᠠᠨ ᠤ ᠲᠠᠩᠬᠢᠮ ᠠᠴᠠ ᠵᠣᠬᠢᠶᠠᠨ ᠪᠠᠢᠢᠭᠤᠯᠵᠤ ᠪᠤᠢ ᠳᠣᠲᠣᠭᠠᠳᠤ ᠭᠠᠳᠠᠭᠠᠳᠤ ᠢᠢᠨ ᠪᠢᠽᠢᠨ᠋᠋ᠧᠰ ᠡᠷᠬᠢᠯᠡᠭᠴᠢ ᠪᠣᠯᠤᠨ ᠬᠥᠷᠥᠩᠭᠡ ᠣᠷᠣᠭᠤᠯᠤᠭᠴᠢ ᠨᠠᠷ ᠤᠨ ᠠᠭᠤᠯᠵᠠᠯᠲᠠ ᠳᠤ ᠣᠷᠣᠯᠴᠠᠯ᠎ᠠ᠃

ᠠᠭᠤᠯᠵᠠᠯᠲᠠ ᠢᠢ ᠰᠠᠶ᠋ᠢᠬᠠᠨ ᠪᠣᠯᠵᠤ ᠥᠩᠭᠡᠷᠡᠭᠰᠡᠨ ᠠᠢᠢᠯᠴᠢᠯᠠᠯ ᠲᠠᠢ ᠤᠶᠠᠯᠳᠤᠭᠤᠯᠤᠨ 《ᠮᠣᠩ᠋ᠭᠣᠯ-ᠠᠮᠧᠷᠢᠺᠠ ᠢᠢᠨ ᠬᠠᠷᠢᠯᠴᠠᠭ᠎ᠠ᠄ ᠰᠲ᠋ᠷᠠᠲ᠋ᠧᠭᠢ ᠢᠢᠨ ᠲᠦᠩᠰᠢᠯᠡᠯ ᠳᠥ ᠲᠤᠯᠭᠠᠭᠤᠷᠢᠯᠠᠨ ᠤᠷᠤᠭᠰᠢᠯᠠᠬᠤ ᠨᠢ》 ᠰᠡᠳᠦᠪ ᠢᠶᠡᠷ ᠵᠣᠬᠢᠶᠠᠨ ᠪᠠᠢᠢᠭᠤᠯᠤᠭᠰᠠᠨ ᠨᠢ ᠬᠥᠷᠦᠩᠭᠡ ᠣᠷᠣᠭᠤᠯᠤᠭᠴᠢᠳ ᠤᠨ ᠰᠣᠨᠢᠷᠬᠠᠯ ᠢ ᠶᠡᠬᠡ ᠪᠡᠷ ᠲᠠᠲᠠᠭᠰᠠᠨ ᠶᠤᠮ᠃

ᠲᠤᠬᠠᠢᠢᠯᠠᠪᠠᠯ᠂ ᠬᠣᠶᠠᠷ ᠤᠯᠤᠰ ᠤᠨ ᠬᠠᠷᠢᠯᠴᠠᠭ᠎ᠠ ᠰᠲ᠋ᠷᠠᠲ᠋ᠧᠭᠢ ᠢᠢᠨ ᠲᠦᠩᠰᠢᠯᠡᠯ ᠦᠨ ᠲᠦᠪᠰᠢᠨ ᠳᠥ ᠬᠦᠷᠦᠭᠰᠡᠨ ᠢ ᠵᠠᠷᠯᠠᠭᠰᠠᠨ ᠨᠢ ᠪᠢᠽᠢᠨ᠋᠋ᠧᠰ ᠦᠨ ᠣᠷᠴᠢᠨ ᠳᠤ ᠬᠡᠷᠬᠢᠨ ᠨᠥᠯᠥᠭᠡᠯᠡᠬᠦ᠂ ᠬᠥᠷᠥᠩᠭᠡ ᠣᠷᠣᠭᠤᠯᠤᠯᠲᠠ ᠢᠢᠨ ᠤᠷᠴᠢᠨ ᠳᠤ ᠲᠠᠭᠠᠲᠠᠢ ᠪᠣᠯᠤᠮᠵᠢ ᠪᠦᠷᠢᠳᠬᠦ ᠦᠦ᠂ ᠪᠢᠽᠢᠨ᠋᠋ᠧᠰ ᠦᠨ ᠰᠠᠯᠪᠤᠷᠢ ᠢᠢᠨ ᠴᠢᠨᠠᠭᠰᠢᠳᠠ ᠢᠢᠨ ᠲᠡᠷᠢᠭᠦᠯᠡᠬᠦ ᠰᠠᠯᠪᠤᠷᠢ ᠤᠤ ᠪᠤᠢ ᠭᠡᠳᠡᠭ ᠢ ᠪᠢᠽᠢᠨ᠋᠋ᠧᠰ ᠡᠷᠬᠢᠯᠡᠭᠴᠢᠳ᠂ ᠬᠥᠷᠦᠩᠭᠡ ᠣᠷᠣᠭᠤᠯᠤᠭᠴᠢᠳ᠂ ᠣᠯᠠᠨ ᠤᠯᠤᠰ ᠤᠨ ᠪᠠᠩᠬᠢ᠂ ᠰᠠᠩᠬᠦᠦ ᠢᠢᠨ ᠪᠠᠢᠢᠭᠤᠯᠤᠯᠭ᠎ᠠ ᠢᠢᠨ ᠲᠥᠯᠦᠭᠡᠯᠡᠭᠴᠢᠳ ᠲᠦᠯᠬᠢᠭᠦᠦ ᠰᠣᠨᠢᠷᠬᠠᠨ ᠠᠰᠠᠭᠤᠭᠰᠠᠨ ᠶᠤᠮ᠃

ᠰᠲ᠋ᠷᠠᠲ᠋ᠧᠭᠢ ᠢᠢᠨ ᠲᠦᠩᠰᠢᠯᠡᠯ ᠦᠨ ᠲᠦᠪᠰᠢᠨ ᠳᠥ ᠬᠦᠷᠦᠭᠰᠡᠨ ᠢᠶᠡᠷ ᠮᠣᠩ᠋ᠭᠣᠯ ᠤᠨ ᠡᠳ᠋ ᠍ ᠦᠨ ᠵᠠᠰᠠᠭ ᠤᠨ ᠥᠰᠦᠯᠲᠡᠳ ᠨᠥᠯᠥᠭᠡᠯᠡᠬᠦᠢᠢᠴᠡ ᠲᠣᠮᠣ ᠲᠥᠰᠥᠯ᠂ ᠬᠥᠲᠥᠯᠪᠦᠷᠢ ᠨᠦᠭᠦᠳ ᠲᠥ ᠠᠮᠧᠷᠢᠺᠠ ᠢᠢᠨ ᠨᠢᠭᠡᠳᠦᠭᠰᠡᠨ ᠤᠯᠤᠰ ᠠᠴᠠ ᠤᠷᠲᠤ ᠬᠤᠭᠤᠴᠠᠭᠠᠨ ᠤ᠂ ᠰᠲ᠋ᠷᠠᠲ᠋ᠧᠭᠢ ᠢᠢᠨ ᠬᠥᠷᠥᠩᠭᠡ ᠣᠷᠣᠭᠤᠯᠤᠯᠲᠠ ᠣᠷᠣᠵᠤ ᠢᠷᠡᠬᠦ ᠦᠨᠳᠦᠰᠦ ᠰᠠᠭᠤᠷᠢ ᠲᠠᠯᠪᠢᠭᠳᠠᠭᠰᠠᠨ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳ᠋ᠦᠩᠨᠡᠨ ᠬᠡᠯᠡᠯ᠎ᠡ᠃