Та "Internet explorer"-ийн сүүлийн хувилбар болох "Microsoft edge"-г ашиглана уу

Хэрэв "Microsoft edge"-г татах бол энд дарж татаж авна уу

ᠣᠷᠣᠰ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠᠨ᠎ᠠ ᠳᠣᠷᠣᠨ᠎ᠠ ᠢᠢᠨ ᠡᠳ᠋ ᠍ ᠦᠨ ᠵᠠᠰᠠᠭ ᠤᠨ ᠴᠢᠭᠤᠯᠭᠠᠨ ᠳᠤ ᠣᠷᠣᠯᠴᠠᠵᠤ ᠪᠠᠢᠢᠭ᠎ᠠ ᠮᠣᠩᠭᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠫᠦᠲ᠋ᠢᠨ ᠲᠡᠢ ᠠᠭᠤᠯᠵᠠᠪᠠ

ᠣᠷᠣᠰ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠᠨ᠎ᠠ ᠳᠣᠷᠣᠨ᠎ᠠ ᠢᠢᠨ ᠡᠳ᠋ ᠍ ᠦᠨ ᠵᠠᠰᠠᠭ ᠤᠨ ᠴᠢᠭᠤᠯᠭᠠᠨ ᠳᠤ ᠣᠷᠣᠯᠴᠠᠵᠤ ᠪᠠᠢᠢᠭ᠎ᠠ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠫᠦᠲ᠋ᠢᠨ ᠲᠡᠢ ᠠᠭᠤᠯᠵᠠᠪᠠ᠃

 

ᠠᠭᠤᠯᠵᠠᠯᠲᠠ ᠳᠤ ᠮᠣᠩᠭ᠋ᠤᠯ ᠤᠨ ᠲᠠᠯ᠎ᠠ ᠠᠴᠠ ᠮᠣᠩᠭ᠋ᠤᠯ ᠤᠯᠤᠰ ᠠᠴᠠ ᠵᠠᠮ ᠲᠡᠭᠡᠭᠡᠪᠦᠷᠢ ᠢᠢᠨ ᠬᠥᠭ᠍ᠵᠢᠯ ᠦᠨ ᠰᠠᠢᠢᠳ ᠳ ∙ ᠭᠠᠩᠪᠠᠲᠤ᠂ ᠣᠷᠣᠰ ᠬᠣᠯᠪᠣᠭᠠᠨ ᠤ ᠤᠯᠤᠰ ᠳᠦ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠪ ∙ ᠳᠡᠯᠭᠡᠷᠮ᠎ᠠ᠂ ᠮᠣᠩᠭ᠋ᠤᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍ ∙ ᠡᠩᠬᠡᠪᠣᠯᠤᠳ᠂ ᠭᠠᠳᠠᠭᠠᠳᠤ ᠬᠠᠷᠢᠯᠴᠠᠭᠠᠨ ᠤ ᠳᠡᠳ᠋ ᠰᠠᠢᠢᠳ ᠪ ∙ ᠪᠠᠲᠤᠴᠡᠴᠡᠭ ᠨᠠᠷ ᠤᠨ ᠠᠯᠪᠠᠨ ᠤ ᠬᠦᠮᠦᠰ ᠤᠷᠤᠯᠴᠠᠪᠠ᠃

 

ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠫᠦᠲ᠋ᠢᠨ ᠠᠭᠤᠯᠵᠠᠯᠲᠠ ᠢᠢᠨ ᠡᠬᠢᠨ ᠳᠥ ᠬᠣᠶᠠᠷ ᠤᠯᠤᠰ ᠤᠨ ᠬᠠᠷᠢᠯᠴᠠᠭ᠎ᠠ ᠰᠡᠭᠦᠯ ᠦᠨ ᠵᠢᠯ ᠦᠳ ᠲᠥ ᠬᠡᠷᠬᠢᠨ ᠠᠮᠵᠢᠯᠲᠠᠲᠠᠢ ᠬᠥᠭ᠍ᠵᠢᠵᠦ ᠪᠠᠢᠢᠭ᠎ᠠ ᠲᠠᠯ᠎ᠠ ᠪᠠᠷ ᠲᠣᠳᠣᠷᠬᠠᠢ ᠲᠥᠰᠥᠯ ᠬᠥᠲᠥᠯᠪᠦᠷᠢ ᠨᠦᠭᠦᠳ ᠢ ᠳᠤᠷᠠᠳᠤᠯ᠎ᠠ᠃ ᠲᠡᠷᠡ ᠪᠡᠷ ᠮᠣᠩᠭ᠋ᠤᠯ ᠤᠯᠤᠰ ᠲᠠᠢ ᠬᠠᠮᠲᠤᠷᠠᠨ ᠠᠵᠢᠯᠯᠠᠬᠤ ᠬᠠᠷᠢᠯᠴᠠᠭᠠᠨ ᠳᠤ ᠬᠥᠳᠡᠭᠡ ᠠᠵᠤ ᠠᠬᠤᠢ᠂ ᠲᠡᠷᠡ ᠳᠤᠮᠳᠠ ᠪᠠᠨ ᠮᠣᠩᠭ᠋ᠤᠯ ᠮᠠᠯ ᠢ ᠡᠷᠡᠭᠦᠯᠵᠢᠭᠦᠯᠬᠦ ᠪᠣᠯᠤᠨ ᠳᠡᠳ᠋ ᠪᠦᠲᠦᠴᠡ ᠢᠢᠨ ᠰᠠᠯᠪᠤᠷᠢ ᠢᠢᠨ ᠬᠥᠭ᠍ᠵ᠍ᠢᠯ ᠳᠦᠷ ᠶᠡᠬᠡᠬᠡᠨ ᠠᠩᠬᠠᠷᠤᠯ ᠬᠠᠨᠳᠤᠭᠤᠯᠵᠤ ᠴᠢᠨᠠᠭᠰᠢᠳᠠ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠰᠣᠨᠢᠷᠬᠠᠯᠲᠠᠢ ᠪᠠᠢᠢᠭ᠎ᠠ ᠪᠠᠨ ᠢᠯᠡᠷᠬᠡᠢᠢᠯᠡᠯ᠎ᠡ᠃ ᠡᠭᠦᠨ ᠡᠴᠡ ᠭᠠᠳᠠᠨ᠎ᠠ ᠲᠷᠠᠨᠵᠤ ᠳᠤ ᠲᠡᠭᠡᠭᠡᠪᠦᠷᠢ ᠢᠢᠨ ᠬᠥᠩᠭᠡᠯᠡᠯᠲᠡ ᠲᠡᠢ ᠲᠠᠷᠢᠫ ᠤᠨ ᠬᠡᠯᠡᠯᠴᠡᠭᠡᠷ᠂ ᠬᠣᠶᠠᠷ ᠤᠯᠤᠰ ᠤᠨ ᠬᠤᠪᠢ ᠨᠡᠢᠢᠯᠡᠭᠦᠯᠦᠭᠰᠡᠨ ᠨᠡᠢᠢᠭᠡᠮᠯᠢᠭ᠌ ᠤᠯᠠᠭᠠᠨᠪᠠᠭᠠᠲᠤᠷ ᠲᠡᠮᠦᠷ ᠵᠠᠮ ᠳᠤ ᠰᠢᠨᠡᠴᠢᠯᠡᠯ ᠬᠢᠬᠦ ᠵᠡᠷᠭᠡ ᠳᠥ ᠲᠤᠰ ᠤᠯᠤᠰ ᠶᠡᠬᠡᠬᠡᠨ ᠠᠩᠬᠠᠷᠤᠯ ᠬᠠᠨᠳᠤᠭᠤᠯᠵᠤ ᠪᠠᠢᠢᠭ᠎ᠠ ᠬᠡᠮᠡᠨ ᠶᠠᠷᠢᠯ᠎ᠠ᠃

 

ᠮᠥᠨ ᠮᠣᠩᠭ᠋ᠤᠯ ᠤᠯᠤᠰ ᠲᠤ 2020 ᠣᠨ ᠳᠤ ᠵᠣᠬᠢᠶᠠᠨ ᠪᠠᠢᠢᠭᠤᠯᠤᠭᠳᠠᠬᠤ ᠠᠽᠢᠶ᠎ᠠ ᠢᠢᠨ ᠬᠡᠦᠬᠡᠳ ᠦᠳ ᠣᠯᠠᠨ ᠤᠯᠤᠰ ᠤᠨ ᠰᠫᠣᠷᠲ ᠤᠨ ᠨᠠᠭᠠᠳᠤᠮ ᠢ ᠠᠮᠵᠢᠯᠲᠠᠲᠠᠢ ᠵᠣᠬᠢᠶᠠᠨ ᠪᠠᠢᠢᠭᠤᠯᠬᠤ ᠳᠤ ᠪᠦᠬᠦᠢ ᠯᠠ ᠲᠠᠯ᠎ᠠ ᠪᠠᠷ ᠲᠤᠰᠯᠠᠬᠤ ᠪᠣᠯᠤᠮᠵᠢ ᠲᠠᠢ ᠲᠠᠯ᠎ᠠ ᠪᠠᠷ ᠢᠶᠠᠨ ᠳᠤᠷᠠᠳᠤᠯ᠎ᠠ᠃

 

ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠬᠣᠯᠪᠣᠭᠠᠨ ᠤ ᠤᠯᠤᠰ ᠲᠠᠢ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠪᠠᠨ ᠤᠯᠠᠮ ᠪᠦᠷ ᠢᠳᠡᠪᠬᠢᠵᠢᠭᠦᠯᠵᠦ᠂ ᠬᠣᠶᠠᠷ ᠤᠯᠤᠰ ᠤᠨ ᠬᠠᠷᠢᠯᠴᠠᠭ᠎ᠠ ᠢᠢ ᠰᠢᠨ᠎ᠡ ᠲᠦᠪᠰᠢᠨ ᠳᠥ ᠭᠠᠷᠭᠠᠬᠤ ᠬᠦᠰᠡᠯ᠎ ᠢᠢᠡᠨ ᠢᠯᠡᠷᠬᠡᠢᠢᠯᠡᠭᠡᠳ ᠲᠣᠳᠣᠷᠬᠠᠢ ᠰᠠᠨᠠᠯ ᠤᠳ ᠲᠠᠯᠪᠢᠪᠠ᠃ ᠲᠤᠬᠠᠢᠢᠯᠠᠪᠠᠯ᠂ ᠣᠷᠣᠰ ᠬᠣᠯᠪᠣᠭᠠᠨ ᠤ ᠤᠯᠤᠰ ᠠᠴᠠ ᠷᠦᠪᠯᠢ ᠢᠢᠨ ᠵᠡᠭᠡᠯᠢ ᠠᠪᠴᠤ ᠬᠣᠶᠠᠷ ᠤᠯᠤᠰ ᠤᠨ ᠬᠤᠪᠢ ᠨᠡᠢᠢᠯᠡᠭᠦᠯᠦᠭᠰᠡᠨ ᠨᠡᠢᠢᠭᠡᠮᠯᠢᠭ᠌ ᠤᠯᠠᠭᠠᠨᠪᠠᠭᠠᠲᠤᠷ ᠤᠨ ᠲᠡᠮᠦᠷ ᠵᠠᠮ ᠳᠤ ᠰᠢᠨᠡᠴᠢᠯᠡᠯᠲᠡ ᠬᠢᠬᠦ ᠪᠣᠯᠤᠨ ᠮᠣᠩᠭ᠋ᠤᠯ ᠤᠯᠤᠰ ᠠᠴᠠ ᠳᠡᠯᠡᠬᠡᠢ ᠢᠢᠨ ᠵᠠᠬ᠎ᠠ ᠵᠡᠭᠡᠯᠢ ᠳᠦᠷ ᠲᠤᠰ ᠤᠯᠤᠰ ᠢᠶᠠᠷ ᠳᠠᠮᠵᠢᠭᠤᠯᠤᠨ ᠣᠯᠠᠨ ᠤᠯᠤᠰ ᠤᠨ ᠵᠠᠬ᠎ᠠ ᠵᠡᠭᠡᠯᠢ ᠳᠥ ᠭᠠᠷᠭᠠᠬᠤ ᠡᠺᠰᠫᠣᠷᠲ ᠤᠨ ᠪᠦᠲᠦᠭᠡᠭᠳᠡᠬᠦᠨ ᠳᠥ ᠲᠷᠠᠨ᠋ᠽᠢᠲ ᠲᠡᠭᠡᠭᠡᠪᠦᠷᠢ ᠢᠢᠨ ᠬᠥᠩᠭᠡᠯᠡᠯᠲᠡ ᠦᠵᠡᠭᠦᠯᠬᠦ ᠲᠤᠬᠠᠢ ᠬᠡᠯᠡᠯᠴᠡᠭᠡᠷ ᠢ ᠪᠠᠲᠤᠯᠠᠭᠠᠵᠢᠭᠤᠯᠬᠤ ᠭᠡᠬᠦ ᠮᠡᠲᠦ ᠰᠠᠨᠠᠯ ᠤᠳ ᠲᠠᠯᠪᠢᠵᠤ ᠶᠠᠷᠢᠯᠴᠠᠭᠰᠠᠨ ᠶᠤᠮ᠃ ᠮᠥᠨ ᠬᠣᠶᠠᠷ ᠤᠯᠤᠰ ᠤᠨ ᠬᠣᠭᠣᠷᠣᠨᠳᠣ ᠰᠤᠶᠤᠯ᠂ ᠪᠣᠯᠪᠠᠰᠤᠷᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠪᠠᠨ᠂ ᠣᠷᠣᠰ ᠬᠡᠯᠡᠨ ᠦ ᠰᠤᠷᠭᠠᠯᠲᠠ ᠢᠢ ᠨᠡᠮᠡᠭᠳᠡᠭᠦᠯᠬᠦ᠂ ᠬᠦᠮᠦᠨᠯᠢᠭ ᠦᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠰᠣᠨᠢᠷᠬᠠᠯ ᠲᠠᠢ ᠪᠠᠢᠢᠭ᠎ᠠ ᠪᠠᠨ ᠢᠯᠡᠷᠬᠡᠢᠢᠯᠡᠪᠡ᠃

 

ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠫᠦᠲ᠋ᠢᠨ ᠨᠠᠷ ᠶᠠᠷᠢᠶ᠎ᠠ ᠪᠠᠨ ᠹᠣᠷᠣᠢᠮ ᠤᠨ ᠦᠶ᠎ᠡ ᠪᠡᠷ ᠦᠷᠭᠦᠯᠵᠢᠯᠡᠭᠦᠯᠬᠦ ᠪᠡᠷ ᠪᠣᠯᠤᠭᠰᠠᠨ ᠶᠤᠮ᠃

 

ᠮᠣᠩᠭ᠋ᠤᠯ ᠤᠯᠤᠰ᠂ ᠣᠷᠣᠰ ᠬᠣᠯᠪᠣᠭᠠᠨ ᠤ ᠤᠯᠤᠰ ᠤᠨ ᠲᠥᠷᠥ ᠢᠢᠨ ᠲᠡᠷᠢᠭᠦᠨ ᠨᠦᠭᠦᠳ ᠥᠨᠥᠳᠥᠷ ᠳᠣᠷᠣᠨ᠎ᠠ ᠢᠢᠨ ᠡᠳ᠋ ᠍ ᠦᠨ ᠵᠠᠰᠠᠭ ᠤᠨ ᠹᠣᠷᠣᠢᠮ ᠤᠨ ᠥᠷᠭᠡᠳᠬᠡᠭ᠍ᠰᠡᠨ ᠬᠤᠷᠠᠯᠳᠤᠭᠠᠨ ᠪᠣᠯᠤᠨ ᠸᠯᠠᠳᠢᠸᠤᠰᠲ᠋ᠣᠺ ᠬᠣᠲᠠ ᠳᠤ ᠪᠣᠯᠵᠤ ᠪᠤᠢ ᠵᠠᠯᠠᠭᠤᠴᠤᠳ ᠤᠨ ᠵᠢᠦ᠋ᠳᠣ᠋ ᠍ ᠢᠢᠨ ᠲᠡᠮᠡᠴᠡᠭᠡᠨ ᠦ ᠬᠠᠭᠠᠯᠲᠠ ᠢᠢᠨ ᠠᠷᠭ᠎ᠠ ᠬᠡᠮᠵᠢᠶᠡᠨ ᠳᠥ ᠣᠷᠣᠯᠴᠠᠨ᠎ᠠ᠃