Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸ ∙ ᠸ ∙ ᠫᠦᠲ᠋ᠢᠨ ᠢ ᠰᠦᠬᠡᠪᠠᠭᠠᠲᠤᠷ ᠤᠨ ᠲᠠᠯᠠᠪᠠᠢ ᠳᠤ ᠤᠭᠲᠤᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠤᠷᠢᠯᠭ᠎ᠠ ᠪᠠᠷ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠫᠦᠲ᠋ᠢᠨ ᠠᠯᠪᠠᠨ ᠶᠣᠰᠣᠨ ᠤ ᠠᠢᠢᠯᠴᠢᠯᠠᠯ ᠬᠢᠬᠦ ᠪᠡᠷ ᠥᠴᠥᠭᠡᠳᠦᠷ ᠮᠣᠩ᠋ᠭᠣᠯ ᠤᠯᠤᠰ ᠲᠤ ᠬᠦᠷᠦᠯᠴᠡᠨ ᠢᠷᠡᠭᠰᠡᠨ ᠪᠢᠯᠡ᠃

ᠠᠢᠢᠯᠴᠢᠯᠠᠯ ᠤᠨ ᠬᠦᠷᠢᠶᠡᠨ ᠳᠥ ᠬᠣᠶᠠᠷ ᠤᠯᠤᠰ ᠤᠨ ᠶᠡᠷᠦᠩᠬᠡᠢᠢᠯᠡᠭᠴᠢ ᠨᠠᠷ ᠭᠠᠭᠴᠠᠭᠠᠷᠴᠢᠯᠠᠭᠰᠠᠨ ᠠᠭᠤᠯᠵᠠᠯᠲᠠ ᠬᠢᠵᠦ᠂ ᠪᠠᠷᠢᠮᠲᠠ ᠪᠢᠴᠢᠭ᠌ ᠲᠥ ᠭᠠᠷ ᠤᠨ ᠦᠰᠦᠭ ᠵᠤᠷᠠᠬᠤ ᠪᠠᠷ ᠲᠥᠯᠥᠪᠯᠡᠭᠰᠡᠨ ᠦ ᠳᠠᠭᠠᠭᠤ ᠥᠨᠥᠳᠥᠷ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠲᠥᠷᠥ ᠢᠢᠨ ᠣᠷᠳᠣᠨ ᠳᠤ ᠬᠦᠷᠦᠯᠴᠡᠨ ᠢᠷᠡᠯ᠎ᠡ᠃ ᠲᠡᠭᠦᠨ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠰᠦᠬᠡᠪᠠᠭᠠᠲᠤᠷ ᠤᠨ ᠲᠠᠯᠠᠪᠠᠢ ᠳᠤ ᠠᠯᠪᠠᠨ ᠶᠣᠰᠣᠭᠠᠷ ᠤᠭᠲᠤᠨ ᠮᠡᠨᠳᠦᠴᠢᠯᠡᠪᠡ᠃