ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠤᠯᠤᠰ ᠲᠥᠷᠥ ᠶᠢᠨ ᠬᠡᠯᠮᠡᠭᠳᠡᠭᠰᠡᠳ ᠪᠣᠯᠤᠨ ᠲᠡᠳᠡᠨ ᠦ ᠭᠡᠷ ᠪᠦᠯᠢ᠂ ᠲᠥᠷᠥᠯ ᠲᠥᠷᠥᠭᠰᠡᠳ ᠡᠴᠡ ᠥᠨᠥᠳᠥᠷ ᠲᠥᠷᠥ ᠶᠢᠨ ᠨᠡᠷ᠎ᠡ ᠶᠢᠨ ᠡᠮᠦᠨ᠎ᠡ ᠡᠴᠡ ᠠᠭᠤᠴᠢᠯᠠᠯ ᠬᠦᠰᠡᠯ᠎ᠡ᠃ ᠤᠯᠤᠰ ᠲᠥᠷᠦ ᠶᠢᠨ ᠬᠢᠯᠢᠰ ᠬᠡᠷᠡᠭ ᠲᠥ ᠬᠡᠯᠮᠡᠭᠳᠡᠭᠰᠡᠳ ᠦᠨ ᠳᠤᠷᠠᠰᠬᠠᠯ ᠢ ᠵᠢᠯ ᠪᠦᠷᠢ ᠶᠢᠨ 9 ᠳᠦᠭᠡᠷ ᠰᠠᠷ᠎ᠠ ᠶᠢᠨ 10 ᠍ ᠳᠤ ᠬᠦᠨᠳᠦᠳᠬᠡᠨ ᠳᠤᠷᠠᠰᠳᠠᠭ ᠶᠤᠮ᠃ ᠮᠣᠩᠭ᠋ᠤᠯ ᠤᠯᠤᠰ ᠲᠤ ᠤᠯᠤᠰ ᠲᠥᠷᠦ ᠶᠢᠨ ᠬᠢᠯᠢᠰ ᠬᠡᠷᠡᠭ ᠢᠶᠡᠷ ᠣᠯᠠᠨ ᠮᠢᠩᠭ᠋ᠠᠨ ᠬᠦᠮᠦᠨ ᠢ ᠬᠣᠮᠣᠷᠭᠠᠯᠠᠨ ᠬᠡᠯᠮᠡᠭᠳᠡᠭᠦᠯᠦᠭᠰᠡᠨ ᠬᠠᠷ᠎ᠠ ᠦᠢᠯᠡ ᠶᠠᠪᠤᠳᠠᠯ ᠠᠴᠠ ᠬᠣᠶᠢᠰᠢ 80 ᠳ᠋ᠠᠬᠢ ᠵᠢᠯ ᠡᠨᠡ ᠣᠨ ᠳᠤ ᠲᠣᠬᠢᠶᠠᠵᠤ ᠪᠠᠶᠢᠨ᠎ᠠ᠃ ᠬᠡᠯᠮᠡᠭᠳᠡᠭᠰᠡᠳ ᠦᠨ ᠳᠤᠷᠠᠰᠬᠠᠯ ᠢ ᠬᠦᠨᠳᠦᠳᠭᠡᠬᠦ ᠡᠳᠦᠷ ᠢ ᠲᠣᠬᠢᠶᠠᠯᠳᠤᠭᠤᠯᠤᠨ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ᠂ ᠴᠠᠭᠠᠳᠬᠠᠬᠤ ᠠᠵᠢᠯ ᠢ ᠤᠳᠤᠷᠢᠳᠤᠨ ᠵᠣᠬᠢᠶᠠᠨ ᠪᠠᠶᠢᠭᠤᠯᠬᠤ ᠤᠯᠤᠰ ᠤᠨ ᠺᠣᠮᠢᠰ ᠤᠨ ᠳᠠᠷᠤᠭ᠎ᠠ ᠶᠠ᠊ ∙ ᠰᠠᠨᠵᠢᠮᠢᠲᠠᠪᠠ ᠪᠣᠯᠤᠨ ᠬᠡᠯᠮᠡᠭᠳᠡᠭᠰᠡᠳ ᠢ ᠳᠤᠷᠠᠰᠤᠨ ᠰᠠᠨᠠᠵᠤ᠂ ᠬᠦᠨᠳᠦᠳᠬᠡᠯ ᠦᠵᠡᠭᠦᠯᠬᠦ ᠪᠡᠷ ᠢᠷᠡᠭᠰᠡᠨ ᠤᠯᠤᠰ ᠤᠨ ᠶᠡᠬᠡ ᠬᠤᠷᠠᠯ ᠤᠨ ᠵᠠᠷᠢᠮ ᠭᠡᠰᠢᠭᠦᠳ᠂ ᠤᠯᠤᠰ ᠲᠥᠷᠥ ᠶᠢᠨ ᠨᠠᠮ ᠤᠳ᠂ ᠲᠥᠷᠥ ᠶᠢᠨ ᠪᠣᠯᠤᠨ ᠲᠥᠷᠥ ᠶᠢᠨ ᠪᠤᠰᠤ ᠪᠠᠶᠢᠭᠤᠯᠤᠯᠭ᠎ᠠ᠂ ᠠᠷᠠᠳ ᠢᠷᠭᠡᠳ ᠦᠨ ᠲᠥᠯᠥᠭᠡᠯᠡᠯ ᠬᠡᠯᠮᠡᠭᠳᠡᠭᠰᠡᠳ ᠦᠨ ᠬᠥᠰᠢᠶᠡᠨ ᠳᠥ ᠴᠡᠴᠡᠭ ᠡᠷᠭᠦᠯ᠎ᠡ᠃ ᠴᠡᠴᠡᠭ ᠡᠷᠭᠦᠬᠦ ᠶᠣᠰᠣᠯᠠᠯ ᠤᠨ ᠳᠠᠷᠠᠭ᠎ᠠ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠤᠯᠤᠰ ᠲᠥᠷᠥ ᠶᠢᠨ ᠬᠡᠯᠮᠡᠭᠳᠡᠭᠰᠡᠳ᠂ ᠲᠡᠳᠡᠨ ᠦ ᠭᠡᠷ ᠪᠦᠯᠢ᠂ ᠲᠥᠷᠥᠯ ᠲᠥᠷᠥᠭᠰᠡᠳ ᠡᠴᠡ ᠨᠢ ᠮᠣᠩᠭ᠋ᠤᠯ ᠤᠨ ᠲᠥᠷᠥ ᠶᠢᠨ ᠨᠡᠷ᠎ᠡ ᠶᠢᠨ ᠡᠮᠦᠨ᠎ᠡ ᠡᠴᠡ ᠠᠭᠤᠴᠢᠯᠠᠯ ᠬᠦᠰᠡᠵᠦ ᠦᠭᠡ ᠬᠡᠯᠡᠭᠰᠡᠨ ᠶᠤᠮ᠃ ᠲᠡᠭᠦᠨ ᠦ ᠬᠡᠯᠡᠭᠰᠡᠨ ᠦᠭᠡ ᠶᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃
《ᠮᠣᠩᠭ᠋ᠤᠯᠴᠤᠳ ᠠ᠋᠂ ᠡᠷᠬᠢᠮ ᠲᠥᠷᠥ ᠶᠢᠨ ᠲᠦᠰᠢᠶᠡᠳ᠂ ᠡᠨᠳᠡ ᠬᠦᠷᠦᠯᠴᠡᠨ ᠢᠷᠡᠭᠰᠡᠨ ᠤᠯᠤᠰ ᠲᠥᠷᠥ ᠶᠢᠨ ᠨᠠᠮ ᠤᠳ ᠤᠨ ᠤᠳᠤᠷᠢᠳᠤᠯᠭ᠎ᠠ ᠨᠤᠭᠤᠳ ᠠ᠋᠂ ᠬᠠᠲᠤᠭᠲᠠᠢ᠂ ᠨᠣᠶᠠᠳ ᠠ᠋᠂
ᠲᠠ ᠪᠢᠳᠡ 80 ᠵᠢᠯ ᠦᠨ ᠡᠮᠦᠨᠡᠬᠢ ᠬᠡᠵᠢᠶ᠎ᠡ ᠴᠤ ᠮᠠᠷᠲᠠᠵᠤ ᠪᠣᠯᠬᠤ ᠦᠭᠡᠢ ᠬᠠᠷ᠎ᠠ ᠡᠳᠦᠷ ᠢ ᠨᠡᠬᠡᠨ ᠰᠠᠨᠠᠵᠤ᠂ ᠤᠯᠤᠰ ᠲᠥᠷᠦ ᠶᠢᠨ ᠬᠡᠯᠮᠡᠭᠳᠡᠭᠰᠡᠳ ᠦᠨ ᠳᠤᠷᠠᠰᠬᠠᠯ ᠢ ᠬᠦᠨᠳᠦᠳᠬᠡᠬᠦ ᠶᠢᠨ ᠵᠡᠷᠭᠡᠴᠡᠭᠡ ᠲᠡᠦᠬᠡᠨ᠂ ᠭᠠᠰᠢᠭᠤᠨ ᠰᠤᠷᠭᠠᠮᠵᠢ ᠶᠢ ᠲᠥᠷᠦ ᠶᠢᠨ ᠣᠢ ᠰᠠᠨᠠᠮᠵᠢ ᠳᠤ ᠪᠠᠲᠤ ᠲᠠᠢ ᠰᠠᠭᠤᠯᠭᠠᠵᠤ᠂ ᠢᠷᠭᠡᠨ ᠦ ᠡᠷᠬᠡ᠂ ᠡᠷᠬᠡ ᠴᠢᠯᠦᠭᠡ ᠶᠢ ᠢᠮᠠᠭᠲᠠ ᠰᠠᠬᠢᠨ ᠬᠠᠮᠠᠭᠠᠯᠠᠬᠤ ᠲᠥᠷᠦ ᠶᠢᠨ ᠳᠠᠷᠬᠠᠯᠠᠭ᠎ᠠ ᠶᠢ ᠨᠢ ᠪᠡᠬᠢᠵᠢᠭᠦᠯᠬᠦ ᠶᠢᠨ ᠴᠢᠬᠤᠯᠠ ᠶᠢ ᠠᠬᠢᠨ ᠡᠷᠭᠢᠴᠡᠭᠦᠯᠬᠦ ᠶᠢᠨ ᠲᠤᠯᠠᠳᠠ ᠡᠨᠳᠡ ᠬᠤᠷᠠᠨ ᠴᠤᠭᠯᠠᠭᠠᠳ ᠪᠠᠢᠢᠭ᠎ᠠ ᠪᠢᠯᠡ᠃
ᠶᠡᠬᠡ ᠬᠡᠯᠮᠡᠭᠳᠡᠭᠦᠯᠦᠯᠲᠡ ᠶᠢᠨ ᠲᠠᠯᠠᠭᠠᠷᠬᠢ ᠴᠠᠭᠠᠳᠬᠠᠬᠤ ᠠᠵᠢᠯ ᠢ ᠤᠳᠤᠷᠢᠳᠤᠨ ᠵᠣᠬᠢᠶᠠᠨ ᠪᠠᠢᠢᠭᠤᠯᠬᠤ ᠤᠯᠤᠰ ᠤᠨ ᠺᠣᠮᠢᠰ ᠠᠴᠠ ᠭᠠᠷᠭᠠᠭᠰᠠᠨ ᠲᠣᠭ᠎ᠠ ᠪᠠᠷᠢᠮᠲᠠ ᠨᠤᠭᠤᠳ ᠠᠴᠠ ᠵᠠᠷᠢᠮ ᠢ ᠨᠢ ᠳᠤᠷᠠᠳᠬᠤ ᠳᠤ ᠯᠠ ᠰᠡᠳᠬᠢᠯ ᠬᠢᠷᠳ᠋ᠬᠢᠯᠭᠡᠵᠦ ᠪᠠᠢᠢᠨ᠎ᠠ᠃ 1937-1939 ᠣᠨ ᠬᠦᠷᠲᠡᠯ᠎ᠡ ᠬᠣᠶᠠᠷ ᠵᠢᠯ ᠦᠨ ᠬᠤᠭᠤᠴᠠᠭᠠᠨ ᠳᠤ ᠣᠨᠴᠠᠭᠠᠢ ᠪᠦᠷᠢᠨ ᠡᠷᠬᠡᠲᠦ ᠺᠣᠮᠢᠰ ᠭᠡᠬᠦ ᠬᠡᠯᠮᠡᠭᠳᠡᠭᠦᠯᠦᠯᠲᠡ ᠶᠢ ᠭᠠᠷᠳᠠᠨ ᠬᠡᠷᠡᠭᠵᠢᠭᠦᠯᠦᠭᠴᠢ ᠪᠦᠲᠦᠴᠡ 25824 ᠬᠦᠮᠦᠨ ᠢ ᠬᠢᠯᠢᠰ ᠬᠡᠷᠡᠭ ᠲᠥ ᠤᠨᠠᠭᠠᠨ ᠲᠠᠰᠤᠯᠤᠨ ᠰᠢᠳᠬᠡᠭ᠍ᠰᠡᠨ ᠡᠴᠡ 20474 ᠬᠦᠨᠳᠦ ᠪᠤᠤᠳᠠᠨ ᠠᠯᠠᠬᠤ ᠶᠠᠯ᠎ᠠ ᠣᠨᠣᠭᠠᠵᠤ ᠪᠠᠢᠢᠵᠠᠢ᠃ ᠨᠡᠶᠢᠲᠡ 17 ᠮᠢᠩᠭ᠎ᠠ ᠣᠷᠴᠢᠮ ᠯᠠᠮᠠ ᠬᠤᠸᠠᠷᠠᠭ ᠬᠢᠯᠢᠰ ᠬᠡᠷᠡᠭ ᠲᠥ ᠰᠢᠳᠬᠡᠭ᠍ᠳᠡᠭᠰᠡᠨ ᠦ 14 ᠮᠢᠩᠭ᠋᠎ᠠ ᠨᠢ ᠴᠠᠭᠠᠵᠠ ᠪᠠᠷ ᠠᠪᠬᠠᠭᠤᠯᠤᠭᠰᠠᠨ ᠪᠠᠢᠢᠨ᠎ᠠ᠃ ᠡᠨᠡ ᠪᠣᠯ ᠰᠣᠨᠣᠰᠤᠭᠰᠠᠨ ᠮᠣᠩᠭ᠋ᠤᠯ ᠬᠦᠮᠦᠨ ᠪᠦᠷᠢ ᠰᠡᠳᠬᠢᠯ ᠰᠢᠮᠰᠢᠷᠡᠬᠦ ᠦᠭᠡᠢ ᠪᠠᠢᠢᠬᠤ ᠶᠢᠨ ᠠᠷᠭ᠎ᠠ ᠦᠭᠡᠢ ᠲᠣᠭ᠎ᠠ! ᠡᠨᠡ ᠪᠣᠯ ᠮᠣᠩᠭ᠋ᠤᠯ ᠤᠨ ᠥᠪ ᠤᠯᠠᠮᠵᠢᠯᠠᠯ᠂ ᠢᠵᠠᠭᠤᠷ ᠰᠡᠳᠬᠢᠯᠭᠡ᠂ ᠦᠨᠳᠦᠰᠦᠲᠡᠨ ᠦ ᠣᠢ ᠰᠠᠨᠠᠮᠵᠢ᠂ ᠡᠬᠡ ᠣᠷᠣᠨᠴᠢ ᠲᠡᠮᠡᠦᠯᠡᠯ ᠢ ᠬᠡᠳᠦᠢ ᠬᠡᠮᠵᠢᠶ᠎ᠡ ᠪᠡᠷ ᠲᠠᠰᠤᠲᠠᠨ ᠬᠠᠶᠠᠭᠰᠠᠨ ᠢ ᠢᠯᠡᠳᠬᠡᠬᠦ ᠲᠣᠭ᠎ᠠ᠃
ᠤᠯᠤᠰ ᠲᠥᠷᠦ ᠶᠢᠨ ᠬᠡᠯᠮᠡᠭᠳᠡᠭᠦᠯᠦᠯᠲᠡ ᠪᠣᠯ ᠠᠯᠢ ᠴᠤ ᠴᠠᠭ ᠦᠶ᠎ᠡ ᠳᠥ ᠲᠥᠷᠦ ᠡᠴᠡ ᠭᠠᠷᠭᠠᠵᠤ᠂ ᠳᠠᠪᠲᠠᠵᠤ ᠪᠣᠯᠬᠤ ᠦᠭᠡᠢ ᠪᠠᠯᠠᠮᠠᠳ ᠦᠢᠯᠡᠳᠦᠯ ᠪᠥᠭᠡᠳ ᠦᠨᠳᠦᠰᠦᠲᠡᠨ ᠦ ᠲᠡᠷᠢᠭᠦᠨ ᠦ ᠣᠶᠤᠨ ᠤᠬᠠᠭᠠᠨ᠂ ᠳᠠᠷᠬᠠᠯᠠᠭ᠎ᠠ ᠶᠢ ᠮᠥᠬᠥᠭᠡᠬᠦ ᠳᠠᠯᠳᠠ ᠶᠠᠪᠤᠭᠤᠯᠭ᠎ᠠ ᠶᠢᠨ ᠢᠯᠡᠷᠬᠡᠶᠢᠯᠡᠯ ᠶᠤᠮ᠃ ᠮᠣᠩᠭ᠋ᠤᠯ ᠤᠨ ᠲᠥᠷᠥ ᠠᠬᠢᠨ ᠬᠡᠵᠢᠶ᠎ᠡ ᠴᠤ ᠠᠷᠠᠳ ᠢᠷᠭᠡᠳ ᠢᠶᠡᠨ ᠬᠡᠯᠮᠡᠭᠳᠡᠭᠦᠯᠬᠦ ᠦᠭᠡᠢ ᠪᠠᠢᠢᠬᠤ᠂ ᠲᠥᠷᠥ ᠶᠢᠨ ᠥᠨᠳᠥᠷ ᠠᠯᠪᠠᠨ ᠲᠤᠰᠢᠶᠠᠯᠲᠠᠨ ᠨᠤᠭᠤᠳ ᠤᠯᠤᠰ ᠲᠥᠷᠥ ᠶᠢᠨ ᠵᠣᠷᠢᠯᠭ᠎ᠠ ᠪᠠᠷ ᠥᠷᠢᠰᠦᠯᠳᠦᠭᠴᠢᠳ ᠢᠶᠡᠨ ᠬᠡᠷᠡᠭ ᠲᠥ ᠤᠨᠠᠭᠠᠳᠠᠭ ᠱᠠᠲᠤ ᠳᠠᠮᠵᠢᠯᠭ᠎ᠠ᠂ ᠰᠢᠳᠤᠷᠭᠤ ᠪᠤᠰᠤ ᠶᠢᠨ ᠬᠣᠩᠭᠢᠯ ᠢ ᠲᠥᠷᠥ ᠶᠢᠨ ᠪᠦᠲᠦᠴᠡ ᠶᠢ ᠠᠰᠢᠭᠯᠠᠨ ᠪᠤᠢ ᠪᠣᠯᠭᠠᠳᠠᠭ ᠦᠭᠡᠢ ᠪᠠᠢᠢᠬᠤ ᠲᠡᠶᠢᠮᠦ ᠪᠠᠲᠤ ᠪᠥᠬᠡ ᠠᠷᠠᠳᠴᠢᠯᠠᠯ᠂ ᠰᠢᠳᠤᠷᠭᠤ ᠶᠣᠰᠣ ᠪᠦᠬᠦᠢ ᠢᠷᠭᠡᠨ ᠦ ᠲᠥᠷᠥ ᠶᠢ ᠪᠢᠳᠡ ᠡᠳᠦᠷ ᠲᠤᠲᠤᠮ ᠤᠨ ᠱᠠᠭᠠᠷᠳᠠᠯᠭ᠎ᠠ᠂ ᠰᠣᠨᠣᠷ ᠰᠡᠷᠡᠮᠵᠢ ᠪᠡᠷ ᠢᠶᠡᠨ ᠯᠠ ᠪᠤᠢ ᠪᠣᠯᠭᠠᠵᠤ᠂ ᠪᠡᠬᠢᠵᠢᠭᠦᠯᠬᠦ ᠤᠴᠢᠷ ᠲᠠᠢ ᠶᠢ ᠪᠢ ᠡᠨᠡ ᠡᠳᠦᠷ ᠠᠬᠢᠨ ᠳᠠᠬᠢᠨ ᠰᠠᠨᠠᠭᠤᠯᠤᠮᠠᠷ ᠪᠠᠢᠢᠨ᠎ᠠ᠃ ᠡᠭᠦᠨ ᠦ ᠲᠤᠯᠠᠳᠠ ᠮᠣᠩᠭ᠋ᠤᠯ ᠤᠨ ᠲᠥᠷᠥ ᠬᠡᠯᠮᠡᠭᠳᠡᠭᠰᠡᠳ ᠡᠴᠡ᠂ ᠲᠡᠳᠡᠨ ᠦ ᠭᠡᠷ ᠪᠦᠯᠢ᠂ ᠦᠷ᠎ᠡ ᠬᠡᠦᠬᠡᠳ᠂ ᠵᠠᠯᠭᠠᠮᠵᠢ ᠬᠣᠶᠢᠴᠢ ᠠᠴᠠ ᠣᠷᠣᠶᠢᠳᠤᠭᠰᠠᠨ ᠴᠤ ᠭᠡᠰᠡᠨ ᠪᠦᠷᠢᠨ ᠠᠭᠤᠴᠢᠯᠠᠯ ᠭᠤᠶᠤᠬᠤ ᠶᠣᠰᠣ ᠵᠦᠢ ᠲᠡᠢ ᠪᠠᠢᠢᠬᠤ ᠶᠣᠰᠣᠲᠠᠢ᠃
ᠪᠢ ᠠᠷᠠᠳ ᠣᠯᠠᠨ ᠤ ᠪᠠᠨ ᠢᠲᠡᠭᠡᠯ ᠢᠶᠡᠷ ᠮᠣᠩᠭ᠋ᠤᠯ ᠤᠨ ᠲᠥᠷᠥ ᠶᠢ ᠲᠡᠷᠢᠭᠦᠯᠡᠵᠦ ᠪᠠᠢᠢᠭ᠎ᠠ ᠶᠢᠨ ᠬᠤᠪᠢ ᠳᠤ ᠥᠨᠥᠳᠥᠷ ᠤᠯᠤᠰ ᠲᠥᠷᠥ ᠶᠢᠨ ᠬᠡᠯᠮᠡᠭᠳᠡᠭᠰᠡᠳ ᠡᠴᠡ᠂ ᠲᠡᠳᠡᠨ ᠦ ᠭᠡᠷ ᠪᠦᠯᠢ᠂ ᠲᠥᠷᠥᠯ ᠲᠥᠷᠥᠭᠰᠡᠳ ᠡᠴᠡ ᠭᠦᠨ᠎ᠡ ᠠᠭᠤᠴᠢᠯᠠᠯ ᠭᠤᠶᠤᠵᠤ ᠪᠠᠢᠢᠨ᠎ᠠ᠃ ᠬᠦᠯᠢᠶᠡᠵᠦ ᠠᠪᠤᠨ᠎ᠠ ᠤᠤ᠃
ᠮᠣᠩᠭ᠋ᠤᠯ ᠤᠨ ᠲᠥᠷᠥ ᠳᠠᠬᠢᠨ ᠬᠡᠵᠢᠶ᠎ᠡ ᠴᠤ ᠡᠶᠢᠮᠦ ᠠᠯᠳᠠᠭ᠎ᠠ ᠭᠠᠷᠭᠠᠬᠤ ᠶᠣᠰᠣ ᠦᠭᠡᠢ᠃ ᠬᠣᠶᠢᠴᠢ ᠦᠶ᠎ᠡ ᠮᠠᠨᠢ ᠡᠭᠦᠨ ᠢ ᠬᠡᠵᠢᠶ᠎ᠡ ᠴᠤ ᠪᠤᠤ ᠮᠠᠷᠲᠠᠭ! ᠶᠡᠬᠡ ᠬᠡᠯᠮᠡᠭᠳᠡᠯ ᠳᠥ ᠥᠷᠲᠦᠨ ᠠᠮᠢ ᠨᠠᠰᠤ᠂ ᠡᠷᠡᠭᠦᠯ ᠮᠡᠨᠳᠦ ᠪᠡᠷ ᠢᠶᠡᠨ ᠬᠣᠬᠢᠷᠠᠵᠤ᠂ ᠠᠵᠢᠯ ᠠᠮᠢᠳᠤᠷᠠᠯ ᠢᠶᠠᠨ ᠠᠯᠠᠳᠠᠭᠰᠠᠨ ᠲᠠ ᠪᠦᠬᠦᠨ ᠦ ᠬᠣᠬᠢᠷᠠᠯ ᠢ ᠶᠠᠭᠤ ᠪᠠᠷ ᠴᠤ ᠨᠥᠬᠦᠵᠦ ᠴᠢᠳᠠᠬᠤ ᠦᠭᠡᠢ᠃ ᠡᠨᠡ ᠪᠣᠯ ᠮᠣᠩᠭ᠋ᠤᠯ ᠦᠨᠳᠦᠰᠦᠲᠡᠨ ᠳᠥ ᠤᠴᠠᠷᠠᠭᠰᠠᠨ ᠠᠰᠤᠷᠤ ᠲᠣᠮᠣ ᠭᠠᠷᠤᠵᠠ ᠬᠣᠬᠢᠷᠠᠯ ᠪᠠᠢᠢᠭᠰᠠᠨ᠃
ᠰᠠᠶᠢᠨ ᠠᠮᠤᠭᠤᠯᠠᠩ ᠪᠣᠯᠲᠤᠭᠠᠢ᠃
ᠮᠣᠩᠭ᠋ᠤᠯ ᠣᠷᠣᠨ ᠳᠤ ᠡᠷᠬᠡ ᠴᠢᠯᠦᠭᠡ᠂ ᠬᠦᠮᠦᠨ ᠦ ᠡᠷᠬᠡ ᠦᠶ᠎ᠡ ᠶᠢᠨ ᠦᠶ᠎ᠡ ᠳᠥ ᠳᠡᠯᠭᠡᠷᠡᠬᠦ ᠪᠣᠯᠲᠤᠭᠠᠢ᠃