Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠨᠠᠷ ᠠᠢᠢᠯᠴᠢᠯᠠᠯ ᠢ ᠳ᠋ᠦᠩᠨᠡᠨ ᠮᠡᠳᠡᠭᠡᠯᠡᠯ ᠬᠢᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠫᠦᠲ᠋ᠢᠨ ᠨᠠᠷ ᠪᠠᠷᠢᠮᠲᠠ᠂ ᠪᠢᠴᠢᠭ᠌ ᠲᠥ ᠭᠠᠷ ᠤᠨ ᠦᠰᠦᠭ ᠵᠢᠷᠤᠭᠰᠠᠨ ᠤ ᠪᠠᠨ ᠳᠠᠷᠠᠭ᠎ᠠ ᠠᠢᠢᠯᠴᠢᠯᠠᠯ ᠢ ᠰᠤᠷᠪᠤᠯᠵᠢᠯᠠᠵᠤ ᠪᠤᠢ ᠬᠡᠪᠯᠡᠯ᠂ ᠮᠡᠳᠡᠭᠡᠯᠡᠯ ᠦᠨ ᠪᠠᠢᠢᠭᠤᠯᠤᠯᠭ᠎ᠠ ᠢᠢᠨ ᠲᠥᠯᠥᠭᠡᠯᠡᠭᠴᠢᠳ ᠲᠥ ᠬᠠᠨᠳᠤᠨ ᠮᠡᠳᠡᠭᠡᠯᠡᠯ ᠬᠢᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄

《ᠡᠷᠬᠢᠮ ᠬᠦᠨᠳᠦᠳᠦ ᠸᠯᠠᠳᠢᠮᠢᠷ ᠸᠯᠠᠳᠢᠮᠢᠷᠣᠸᠢᠴ᠂
ᠬᠦᠨᠳᠦᠳᠦ ᠵᠣᠴᠢᠳ᠂ ᠬᠡᠪᠯᠡᠯ ᠮᠡᠳᠡᠭᠡᠯᠡᠯ ᠦᠨ ᠲᠥᠯᠥᠭᠡᠯᠡᠭᠴᠢᠳ ᠡ᠂

ᠥᠨᠥᠳᠥᠷ ᠮᠠᠨ ᠤ ᠣᠷᠣᠨ ᠳᠤ ᠠᠯᠪᠠᠨ ᠶᠣᠰᠣᠨ ᠤ ᠠᠢᠢᠯᠴᠢᠯᠠᠯ ᠬᠢᠵᠦ ᠪᠠᠢᠢᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠫᠦᠲ᠋ᠢᠨ  ᠲᠡᠢ ᠭᠠᠭᠴᠠᠭᠠᠷᠴᠢᠯᠠᠭᠰᠠᠨ ᠠᠭᠤᠯᠵᠠᠯᠲᠠ᠂ ᠥᠷᠭᠡᠳᠬᠡᠭ᠍ᠰᠡᠨ ᠬᠡᠯᠡᠯᠴᠡᠭᠡ ᠬᠢᠵᠦ ᠣᠯᠠᠨ ᠠᠰᠠᠭᠤᠳᠠᠯ ᠢᠶᠠᠷ ᠠᠵᠢᠯ ᠬᠡᠷᠡᠭᠴᠢ᠂ ᠨᠥᠬᠥᠷᠰᠡᠭ᠂ ᠨᠡᠭᠡᠭᠡᠯᠲᠡ ᠲᠡᠢ ᠪᠡᠷ ᠰᠠᠨᠠᠯ ᠪᠣᠳᠣᠯ ᠢᠶᠠᠨ ᠰᠣᠯᠢᠯᠴᠠᠵᠤ ᠴᠢᠬᠤᠯᠠ ᠰᠢᠢᠳᠪᠦᠷᠢ ᠨᠦᠭᠦᠳ ᠲᠥ ᠬᠦᠷᠴᠦ ᠴᠢᠳᠠᠯ᠎ᠠ᠃

ᠲᠡᠦᠬᠡᠨ ᠤᠯᠠᠮᠵᠢᠯᠠᠯᠲᠤ᠂ ᠳᠠᠢᠢᠴᠢᠨ ᠨᠥᠬᠥᠷᠯᠡᠯ᠂ ᠴᠠᠭ ᠬᠤᠭᠤᠴᠠᠭᠠᠨ ᠤ ᠰᠣᠷᠢᠯᠲᠠ ᠪᠠᠷ ᠰᠢᠯᠭᠠᠭᠳᠠᠭᠰᠠᠨ ᠮᠣᠩ᠋ᠭᠣᠯ ᠤᠯᠤᠰ᠂ ᠣᠷᠣᠰ ᠤᠨ ᠬᠣᠯᠪᠣᠭᠠᠨ ᠤ ᠤᠯᠤᠰ ᠤᠨ ᠬᠠᠷᠢᠯᠴᠠᠭ᠎ᠠ ᠢᠲᠡᠭᠡᠯᠴᠡᠯ ᠦᠨ ᠦᠨᠳᠦᠰᠦᠨ ᠳᠡᠭᠡᠷ᠎ᠡ ᠬᠥᠭ᠍ᠵᠢᠵᠦ ᠪᠠᠢᠢᠨ᠎ᠠ᠃

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ ᠬᠠᠯᠬ᠎ᠠ ᠢᠢᠨ ᠭᠣᠣᠯ ᠤᠨ ᠪᠠᠢᠢᠯᠳᠤᠭᠠᠨ ᠤ ᠢᠯᠠᠯᠲᠠ ᠢᠢᠨ 80 ᠵᠢᠯ ᠦᠨ ᠣᠢ ᠢᠢ ᠬᠠᠮᠲᠤᠷᠠᠨ ᠲᠡᠮᠳᠡᠭᠯᠡᠵᠦ ᠪᠠᠢᠢᠭ᠎ᠠ ᠳᠤ ᠪᠢᠳᠡ ᠪᠦᠬᠦᠨ ᠲᠠᠯᠠᠷᠬᠠᠵᠤ ᠪᠠᠢᠢᠨ᠎ᠠ᠃ ᠡᠨᠡᠬᠦ ᠢᠯᠠᠯᠲᠠ ᠪᠣᠯ ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠢᠢᠳᠠᠯ ᠢ ᠬᠠᠮᠠᠭᠠᠯᠠᠨ ᠪᠠᠲᠤᠳᠬᠠᠵᠤ᠂ ᠬᠣᠶᠠᠷ ᠠᠷᠠᠳ ᠲᠦᠮᠡᠨ ᠦ ᠨᠠᠢᠢᠷᠠᠮᠳᠠᠯ ᠨᠥᠬᠥᠷᠯᠡᠯ ᠢ ᠭᠠᠩᠨᠠᠭᠰᠠᠨ ᠠᠷᠢᠭᠤᠨ ᠦᠢᠯᠡ ᠬᠡᠷᠡᠭ ᠶᠤᠮ᠃ ᠮᠠᠨ ᠤ ᠬᠣᠶᠠᠷ ᠠᠷᠠᠳ ᠲᠦᠮᠡᠨ ᠪᠣᠯ ᠡᠩᠬᠡ ᠢᠢᠨ ᠪᠦᠲᠦᠭᠡᠨ ᠪᠠᠢᠢᠭᠤᠯᠤᠯᠲᠠ ᠢᠢᠨ ᠴᠠᠭ ᠦᠶ᠎ᠡ ᠳᠥ ᠴᠤ᠂ ᠳᠠᠢᠢᠨ ᠤ ᠬᠠᠯᠠᠭᠤᠨ ᠡᠳᠦᠷ ᠦᠳ ᠲᠥ ᠴᠤ ᠬᠠᠮᠲᠤ ᠳᠤ ᠪᠠᠨ ᠲᠤᠯᠤᠯᠳᠤᠵᠤ ᠶᠠᠪᠤᠭᠰᠠᠨ ᠠᠨᠳᠠ ᠨᠥᠬᠥᠳ ᠪᠢᠯᠡ᠃

ᠳᠠᠢᠢᠨ ᠤ ᠲᠠᠯᠠᠪᠤᠷ ᠲᠤ ᠮᠥᠷᠥ ᠵᠡᠷᠭᠡᠴᠡᠨ ᠲᠤᠯᠤᠯᠳᠤᠵᠤ ᠶᠠᠪᠤᠭᠰᠠᠨ ᠵᠥᠪᠯᠡᠯᠲᠦ᠂ ᠮᠣᠩ᠋ᠭᠣᠯ  ᠤᠨ ᠴᠡᠷᠢᠭ ᠳᠠᠢᠢᠴᠢᠳ ᠤᠨ ᠪᠠᠢᠢᠭᠤᠯᠤᠭᠰᠠᠨ ᠬᠦᠨᠳᠦ ᠲᠡᠢ ᠭᠠᠪᠢᠶ᠎ᠠ ᠢᠢ ᠪᠢᠳᠡ ᠬᠣᠢᠢᠴᠢ ᠦᠶ᠎ᠡ ᠳᠡᠭᠡᠨ ᠮᠥᠩᠬᠡᠵᠢᠭᠦᠯᠦᠨ ᠦᠯᠡᠳᠡᠭᠡᠬᠦ ᠶᠣᠰᠣᠲᠠᠢ᠃ ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ ᠤᠨ ᠲᠥᠯᠥᠭᠡ ᠠᠮᠢ ᠬᠠᠢᠢᠷ᠎ᠠ ᠦᠭᠡᠢ ᠲᠡᠮᠡᠴᠡᠭᠰᠡᠨ ᠮᠣᠩ᠋ᠭᠣᠯ ᠂ ᠵᠥᠪᠯᠡᠯᠲᠦ ᠢᠢᠨ ᠳᠠᠢᠢᠴᠢᠳ ᠤᠨ ᠲᠡᠦᠬᠡᠨ ᠭᠠᠪᠢᠶ᠎ᠠ ᠡᠭᠦᠷᠢᠳᠡ ᠳᠤᠷᠠᠰᠤᠭᠳᠠᠬᠤ ᠪᠣᠯᠤᠨ᠎ᠠ᠃

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠢᠢᠨ ᠡᠨᠡ ᠤᠳᠠᠭ᠎ᠠ ᠢᠢᠨ ᠠᠢᠢᠯᠴᠢᠯᠠᠯ ᠢᠶᠠᠷ ᠮᠣᠩ᠋ᠭᠣᠯ ᠂ ᠣᠷᠣᠰ ᠤᠨ ᠬᠠᠷᠢᠯᠴᠠᠭ᠎ᠠ ᠳᠠᠬᠢᠨ ᠨᠢᠭᠡ ᠱᠠᠲᠤ ᠠᠬᠢᠨ᠂ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠲᠦᠪᠰᠢᠨ ᠳᠥ ᠬᠦᠷᠡᠯ᠎ᠡ᠃ ᠨᠠᠢᠢᠷᠰᠠᠭ ᠬᠠᠷᠢᠯᠴᠠᠭ᠎ᠠ᠂ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠲᠤᠬᠠᠢ ᠮᠣᠩ᠋ᠭᠣᠯ ᠤᠯᠤᠰ᠂ ᠣᠷᠣᠰ ᠤᠨ ᠬᠣᠯᠪᠣᠭᠠᠨ ᠤ ᠤᠯᠤᠰ ᠬᠣᠭᠣᠷᠣᠨᠳᠣ ᠢᠢᠨ ᠭᠡᠷ᠎ᠡ ᠢᠢ ᠬᠤᠭᠤᠴᠠᠭ᠎ᠠ ᠦᠭᠡᠢ ᠪᠡᠷ ᠪᠣᠯᠭᠠᠨ ᠪᠠᠢᠢᠭᠤᠯᠵᠤ᠂ ᠪᠢᠳᠡ ᠰᠠᠶ᠋ᠢ ᠭᠠᠷ ᠤᠨ ᠦᠰᠦᠭ ᠵᠢᠷᠤᠨ ᠪᠠᠲᠤᠯᠠᠭᠠᠵᠢᠭᠤᠯᠤᠯ᠎ᠠ᠃ ᠡᠨᠡᠬᠦ ᠭᠡᠷ᠎ᠡ ᠢᠢ ᠬᠤᠭᠤᠴᠠᠭ᠎ᠠ ᠦᠭᠡᠢ ᠪᠡᠷ ᠪᠠᠢᠢᠭᠤᠯᠵᠤ ᠪᠠᠢᠢᠭ᠎ᠠ ᠨᠢ ᠬᠣᠶᠠᠷ ᠲᠠᠯ᠎ᠠ ᠢᠢᠨ ᠢᠲᠡᠭᠡᠯᠴᠡᠯᠡᠯ ᠢ ᠪᠠᠲᠤᠳᠬᠠᠭᠰᠠᠨ᠂ ᠬᠠᠮᠲᠤ ᠢᠢᠨ ᠠᠵᠢᠯᠯᠠᠭ᠎ᠠ ᠢᠢ ᠬᠠᠷᠢᠯᠴᠠᠭᠠᠨ ᠤ ᠰᠢᠨ᠎ᠡ ᠡᠷᠡᠨ ᠦᠶ᠎ᠡ ᠳᠥ ᠭᠠᠷᠭᠠᠭᠰᠠᠨ ᠢᠶᠠᠷ ᠤᠯᠤᠰ ᠲᠥᠷᠥ ᠢᠢᠨ ᠲᠡᠦᠬᠡᠨ ᠠᠴᠢ ᠬᠣᠯᠪᠣᠭᠳᠠᠯ ᠲᠠᠢ ᠭᠡᠵᠦ ᠦᠵᠡᠵᠦ ᠪᠠᠢᠢᠨ᠎ᠠ᠃

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠢᠢᠨ ᠮᠠᠨ ᠤ ᠣᠷᠣᠨ ᠳᠤ ᠬᠢᠵᠦ ᠪᠤᠢ ᠠᠢᠢᠯᠴᠢᠯᠠᠯ ᠨᠢ ᠮᠠᠰᠢ ᠥᠨᠳᠥᠷ ᠠᠭᠤᠯᠭ᠎ᠠ ᠲᠠᠢ᠂ ᠠᠵᠢᠯ ᠬᠡᠷᠡᠭᠴᠢ ᠪᠣᠯᠤᠭᠰᠠᠨ ᠢ ᠮᠥᠨ ᠲᠡᠮᠳᠡᠭᠯᠡᠵᠦ ᠪᠠᠢᠢᠨ᠎ᠠ᠃ ᠠᠢᠢᠯᠴᠢᠯᠠᠯ ᠤᠨ ᠦᠶ᠎ᠡ ᠪᠡᠷ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠴᠢᠬᠤᠯᠠ ᠨᠥᠯᠥᠭᠡ ᠦᠵᠡᠭᠦᠯᠬᠦ ᠵᠠᠰᠠᠭ ᠤᠨ ᠭᠠᠵᠠᠷ᠂ ᠶᠠᠮᠤᠳ ᠬᠣᠭᠣᠷᠣᠨᠳᠣ ᠢᠢᠨ 10 ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠯ᠎ᠠ᠃

ᠮᠠᠨ ᠤ ᠬᠣᠶᠠᠷ ᠣᠷᠣᠨ ᠤ ᠴᠡᠷᠢᠭ᠂ ᠴᠡᠷᠢᠭ ᠲᠧᠭᠨᠢᠭ ᠦᠨ ᠤᠯᠠᠮᠵᠢᠯᠠᠯᠲᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠷᠭᠡᠵᠢᠨ ᠪᠡᠬᠢᠵᠢᠵᠦ ᠪᠠᠢᠢᠨ᠎ᠠ᠃ ᠮᠣᠩ᠋ᠭᠣᠯ ᠤᠯᠤᠰ ᠲᠤ ᠴᠡᠷᠢᠭ ᠲᠧᠭᠨᠢᠭ ᠦᠨ ᠪᠤᠴᠠᠯᠲᠠ ᠦᠭᠡᠢ ᠲᠤᠰᠠᠯᠠᠮᠵᠢ ᠦᠵᠡᠭᠦᠯᠬᠦ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ 2004 ᠣᠨ ᠤ ᠬᠡᠯᠡᠯᠴᠡᠭᠡᠷ ᠦᠨ ᠦᠢᠯᠡᠴᠢᠯᠡᠯ ᠢ ᠰᠤᠩ᠋ᠭᠠᠬᠤ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠫᠷᠣᠲ᠋ᠣᠺᠣᠯ ᠢ ᠮᠥᠨ ᠰᠢᠨᠡᠴᠢᠯᠡᠨ ᠪᠠᠢᠢᠭᠤᠯᠤᠭᠰᠠᠨ ᠢ ᠲᠡᠮᠳᠡᠭᠯᠡᠬᠦ ᠳᠥ ᠲᠠᠭᠠᠲᠠᠢ ᠪᠠᠢᠢᠨ᠎ᠠ᠃

ᠢᠷᠡᠬᠦ ᠣᠨ ᠳᠤ ᠪᠣᠯᠬᠤ ᠠᠤᠭ᠎ᠠ ᠡᠬᠡ ᠣᠷᠣᠨ ᠤ ᠳᠠᠢᠢᠨ ᠤ ᠢᠯᠠᠯᠲᠠ ᠢᠢᠨ 75 ᠵᠢᠯ ᠦᠨ ᠣᠢ ᠢᠢᠨ ᠪᠠᠶᠠᠷ ᠲᠤ ᠤᠷᠢᠭᠰᠠᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠢᠢᠨ ᠤᠷᠢᠯᠭ᠎ᠠ ᠢᠢ ᠲᠠᠯᠠᠷᠬᠠᠨ ᠬᠦᠯᠢᠶᠡᠨ ᠠᠪᠴᠤ ᠪᠠᠢᠢᠨ᠎ᠠ᠃ ᠡᠨᠡᠬᠦ ᠲᠡᠦᠬᠡᠨ ᠢᠯᠠᠯᠲᠠ ᠢᠢᠨ ᠣᠢ ᠳᠤ ᠮᠣᠩ᠋ᠭᠣᠯ  ᠤᠨ ᠲᠠᠯ᠎ᠠ ᠥᠷᠭᠡᠨ ᠪᠦᠷᠢᠯᠳᠦᠬᠦᠨ ᠢᠶᠡᠷ ᠣᠷᠣᠯᠴᠠᠬᠤ ᠪᠠᠨ ᠢᠯᠡᠷᠬᠡᠢᠢᠯᠡᠯ᠎ᠡ᠃

ᠬᠣᠶᠠᠷ ᠣᠷᠣᠨ ᠤ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠤᠷᠤᠭᠰᠢᠯᠠᠭᠤᠯᠬᠤ ᠬᠦᠷᠢᠶᠡᠨ ᠳᠥ ᠮᠣᠩ᠋ᠭᠣᠯ ᠂ ᠣᠷᠣᠰ ᠤᠨ ᠬᠠᠮᠲᠤᠷᠠᠭᠰᠠᠨ 《ᠤᠯᠠᠭᠠᠨᠪᠠᠭᠠᠲᠤᠷ ᠲᠡᠮᠦᠷ ᠵᠠᠮ》 ᠨᠡᠢᠢᠭᠡᠮᠯᠢᠭ᠌ ᠦᠨ ᠦᠷ᠎ᠡ ᠠᠰᠢᠭ ᠢ ᠨᠡᠮᠡᠭᠳᠡᠭᠦᠯᠬᠦ ᠪᠣᠯᠤᠮᠵᠢ ᠢᠢᠨ ᠲᠠᠯ᠎ᠠ ᠪᠠᠷ ᠮᠥᠨ ᠬᠡᠯᠡᠯᠴᠡᠯ᠎ᠡ᠃ ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠠᠴᠠ ᠪᠢᠳᠡᠨ ᠦ ᠬᠦᠰᠡᠵᠦ ᠪᠠᠢᠢᠭ᠎ᠠ 100 ᠲᠡᠷᠪᠤᠮ ᠷᠦᠪᠯᠢ ᠢᠢᠨ ᠡᠺᠰᠫᠣᠷᠲ ᠤᠨ ᠵᠡᠭᠡᠯᠢ ᠢᠢ ᠤᠯᠠᠭᠠᠨᠪᠠᠭᠠᠲᠤᠷ ᠤᠨ ᠲᠡᠮᠦᠷ ᠵᠠᠮ》ᠨᠡᠢᠢᠭᠡᠮᠯᠢᠭ᠌ ᠍ ᠦᠨ ᠳᠦᠷᠢᠮ ᠦᠨ ᠰᠠᠩ ᠢ ᠨᠡᠮᠡᠬᠦ᠂ ᠡᠷᠴᠢᠮ ᠬᠦᠴᠦᠨ ᠦ ᠰᠠᠯᠪᠤᠷᠢ ᠳᠤ᠂ ᠵᠡᠭᠦᠨᠪᠠᠶᠠᠨ-ᠬᠠᠩᠭᠢ ᠴᠢᠭᠯᠡᠯ ᠦᠨ ᠰᠢᠨ᠎ᠡ ᠲᠡᠮᠦᠷ ᠵᠠᠮ ᠪᠠᠷᠢᠬᠤ ᠳᠤ ᠠᠪᠬᠤ ᠰᠣᠨᠢᠷᠬᠠᠯ ᠢᠶᠠᠨ ᠮᠥᠨ ᠢᠯᠡᠷᠬᠡᠢᠢᠯᠡᠯ᠎ᠡ᠃

ᠣᠷᠣᠰ ᠤᠨ ᠬᠣᠯᠪᠣᠭᠠᠨ ᠤ ᠤᠯᠤᠰ ᠨᠢ ᠥᠪᠡᠷ ᠦᠨ ᠠᠯᠤᠰ ᠳᠣᠷᠣᠨᠠᠲᠤ ᠢᠢᠨ ᠪᠥᠰᠡ ᠨᠤᠲᠤᠭ ᠲᠤ ᠳᠠᠯᠠᠢ ᠢᠢᠨ ᠪᠣᠭᠣᠮᠲᠠ ᠠᠰᠢᠭᠯᠠᠬᠤ ᠪᠣᠯᠤᠮᠵᠢ ᠭᠠᠷᠭᠠᠵᠤ᠂ ᠮᠣᠩ᠋ᠭᠣᠯ ᠤᠯᠤᠰ ᠢ ᠳᠠᠯᠠᠢ ᠳᠤ ᠭᠠᠷᠬᠤ ᠪᠣᠯᠤᠮᠵᠢ ᠢᠢ ᠨᠡᠭᠡᠭᠡᠵᠦ ᠥᠭᠴᠦ ᠪᠠᠢᠢᠭ᠎ᠠ ᠳᠤ ᠲᠠᠯᠠᠷᠬᠠᠯ ᠢᠯᠡᠷᠬᠡᠢᠢᠯᠡᠵᠦ ᠪᠠᠢᠢᠨ᠎ᠠ᠃ 2018 ᠣᠨ ᠤ 06 ᠳ᠋ᠤᠭᠠᠷ ᠰᠠᠷ᠎ᠠ ᠳᠤ ᠮᠣᠩ᠋ᠭᠣᠯ ᠤᠯᠤᠰ᠂ ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠪᠠᠢᠢᠭᠤᠯᠤᠭᠰᠠᠨ ᠲᠷᠠᠨ᠋ᠽᠢᠲ ᠲᠡᠭᠡᠭᠡᠪᠦᠷᠢ ᠢᠢᠨ ᠭᠡᠷ᠎ᠡ ᠡᠨᠡ ᠪᠣᠯᠤᠮᠵᠢ ᠢᠢ ᠪᠢᠳᠡᠨ ᠳᠥ ᠨᠡᠭᠡᠭᠡᠭ᠍ᠰᠡᠨ ᠪᠢᠯᠡ᠃ ᠪᠢᠳᠡ ᠠᠯᠤᠰ ᠳᠣᠷᠣᠨᠠᠲᠤ ᠢᠢᠨ ᠽᠠᠷᠤᠢᠪᠢᠨᠣ᠋ ᠪᠣᠭᠣᠮᠲᠠ ᠢᠢ ᠡᠵᠡᠮᠰᠢᠳᠡᠭ ᠣᠷᠣᠰ ᠤᠨ ᠬᠣᠯᠪᠣᠭᠠᠨ ᠤ ᠤᠯᠤᠰ ᠤᠨ 《ᠹᠸᠰᠺᠣ》 ᠺᠣᠮᠫᠠᠨᠢ ᠲᠠᠢ ᠬᠠᠮᠲᠤᠷᠠᠨ ᠠᠵᠢᠯᠯᠠᠬᠤ ᠪᠠᠷ ᠲᠣᠬᠢᠷᠠᠯᠴᠠᠵᠤ᠂ ᠰᠢᠨ᠎ᠡ ᠪᠡᠷ ᠲᠧᠷᠮᠢᠨᠠᠯ ᠪᠠᠷᠢᠬᠤ ᠤᠷᠢᠳᠴᠢᠯᠠᠭᠰᠠᠨ ᠲᠧᠭᠨᠢᠭ ᠡᠳ᠋ ᠦᠨ ᠵᠡᠰᠡᠭ ᠤᠨ ᠦᠨᠳᠤᠰᠤᠯᠡᠯ ᠬᠢᠵᠦ ᠳᠠᠭᠤᠰᠬᠠᠭᠠᠳ ᠪᠠᠢᠢᠨ᠎ᠠ᠃

ᠧᠦ᠋ᠷᠠᠽᠢ ᠢᠢᠨ ᠡᠳ᠋ ᠍ ᠦᠨ ᠵᠠᠰᠠᠭ ᠤᠨ ᠬᠣᠯᠪᠣᠭ᠎ᠠ ᠲᠠᠢ ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠪᠠᠢᠢᠭᠤᠯᠬᠤ ᠬᠦᠰᠡᠯᠲᠡ ᠢᠢ ᠮᠥᠨ ᠳᠡᠮᠵᠢᠨ᠎ᠡ ᠭᠡᠳᠡᠭ ᠲᠥ ᠢᠲᠡᠭᠡᠵᠦ ᠪᠠᠢᠢᠨ᠎ᠠ᠃

ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠴᠠᠷ ᠬᠦᠷ᠎ᠡ ᠢᠢ ᠲᠡᠯᠡᠬᠦ ᠡᠭᠦᠳᠡᠨ ᠡᠴᠡ ᠣᠷᠣᠰ ᠤᠨ ᠬᠣᠯᠪᠣᠭᠠᠨ ᠤ ᠤᠯᠤᠰ ᠠᠴᠠ ᠤᠷᠤᠭᠤᠯᠬᠤ ᠬᠥᠷᠥᠩᠭᠡ ᠣᠷᠣᠭᠤᠯᠤᠯᠲᠠ ᠢᠢᠨ ᠲᠡᠷᠢᠭᠦᠯᠡᠬᠦ ᠴᠢᠭᠯᠡᠯ ᠢ ᠲᠣᠳᠣᠷᠬᠠᠢᠢᠯᠠᠬᠤ᠂ ᠮᠣᠩ᠋ᠭᠣᠯ  ᠤᠨ ᠡᠺᠰᠫᠣᠷᠲ ᠤᠨ ᠲᠣᠭ᠎ᠠ ᠬᠡᠮᠵᠢᠶ᠎ᠡ ᠢᠢ ᠨᠡᠮᠡᠭᠳᠡᠭᠦᠯᠬᠦ ᠳᠥ ᠴᠢᠭᠯᠡᠭᠰᠡᠨ ᠪᠣᠳᠣᠯᠭ᠎ᠠ ᠢᠢᠨ ᠠᠷᠭ᠎ᠠ ᠬᠡᠮᠵᠢᠶ᠎ᠡ ᠬᠡᠷᠡᠭᠵᠢᠭᠦᠯᠬᠦ ᠬᠡᠷᠡᠭᠲᠡᠢ ᠭᠡᠵᠦ ᠦᠵᠡᠵᠦ ᠪᠠᠢᠢᠨ᠎ᠠ᠃ ᠣᠷᠣᠰ ᠤᠨ ᠵᠠᠰᠠᠭ ᠤᠨ ᠭᠠᠵᠠᠷ ᠬᠤᠳᠠᠯᠳᠤᠭᠠᠨ ᠤ ᠲᠥᠯᠥᠭᠡᠯᠡᠭᠴᠢ ᠢᠢᠨ ᠭᠠᠵᠠᠷ ᠢᠶᠠᠨ ᠳᠠᠬᠢᠨ ᠨᠡᠭᠡᠭᠡᠵᠦ ᠪᠠᠢᠢᠭᠠᠳ ᠲᠠᠯᠠᠷᠬᠠᠵᠤ ᠪᠠᠢᠢᠨ᠎ᠠ᠃ ᠮᠣᠩ᠋ᠭᠣᠯ  ᠤᠨ ᠲᠠᠯ᠎ᠠ ᠴᠤ ᠮᠥᠨ ᠬᠤᠳᠠᠯᠳᠤᠭᠠᠨ ᠤ ᠲᠥᠯᠥᠭᠡᠯᠡᠭᠴᠢ ᠢᠢᠨ ᠭᠠᠵᠠᠷ ᠢᠶᠠᠨ ᠸᠯᠠᠳᠢᠸᠤᠰᠲ᠋ᠣᠺ ᠬᠣᠲᠠᠨ᠎ᠠ ᠨᠡᠭᠡᠭᠡᠬᠦ ᠪᠡᠷ ᠲᠥᠯᠥᠪᠯᠡᠵᠦ ᠪᠠᠢᠢᠨ᠎ᠠ᠃ ᠡᠳᠡᠭᠡᠷ ᠰᠢᠢᠳᠪᠦᠷᠢ ᠢᠢᠨ ᠦᠷ᠎ᠡ ᠳ᠋ᠦᠩ ᠳᠥ ᠬᠣᠶᠠᠷ ᠤᠯᠤᠰ ᠤᠨ ᠡᠳ᠋ ᠍ ᠦᠨ ᠵᠠᠰᠠᠭ ᠤᠨ ᠬᠠᠷᠢᠯᠴᠠᠭ᠎ᠠ ᠢᠳᠡᠪᠬᠢᠵᠢᠬᠦ ᠶᠣᠰᠣᠲᠠᠢ ᠭᠡᠵᠦ ᠪᠣᠳᠣᠵᠤ ᠪᠠᠢᠢᠨ᠎ᠠ᠃

ᠴᠢᠨᠠᠭᠰᠢᠳᠠ ᠪᠢᠳᠡ ᠮᠣᠩ᠋ᠭᠣᠯ ᠂ ᠣᠷᠣᠰ ᠤᠨ ᠢᠷᠡᠭᠡᠳᠦᠢ ᠢᠢᠨ ᠬᠠᠮᠲᠤ ᠢᠢᠨ ᠠᠵᠢᠯᠯᠠᠭ᠎ᠠ ᠢᠢ ᠲᠣᠳᠣᠷᠬᠠᠢᠢᠯᠠᠭᠰᠠᠨ ᠲᠣᠮᠣᠬᠠᠨ ᠪᠦᠲᠦᠭᠡᠨ ᠪᠠᠢᠢᠭᠤᠯᠤᠯᠲᠠ ᠢᠢᠨ ᠲᠥᠰᠥᠯ ᠦᠳ ᠢ ᠬᠠᠮᠲᠤᠷᠠᠨ ᠬᠡᠷᠡᠭᠵᠢᠭᠦᠯᠬᠦ ᠬᠦᠰᠡᠯ ᠲᠡᠢ ᠪᠠᠢᠢᠨ᠎ᠠ᠃ ᠡᠨᠡ ᠵᠣᠷᠢᠯᠭ᠎ᠠ ᠪᠠᠷ ᠥᠨᠳᠥᠷ ᠲᠦᠪᠰᠢᠨ ᠳᠥ ᠬᠠᠮᠲᠤᠷᠠᠭᠰᠠᠨ ᠠᠵᠢᠯ ᠤᠨ ᠬᠡᠰᠡᠭ ᠪᠠᠢᠢᠭᠤᠯᠵᠤ ᠥᠷᠭᠡᠨ ᠬᠦᠷᠢᠶᠡᠨ ᠳᠥ ᠰᠤᠳᠤᠯᠭ᠎ᠠ ᠬᠢᠬᠦ ᠰᠠᠨᠠᠯ ᠲᠠᠢ ᠪᠠᠢᠢᠨ᠎ᠠ᠃ ᠣᠷᠣᠰ ᠤᠨ ᠬᠣᠯᠪᠣᠭᠠᠨ ᠤ ᠤᠯᠤᠰ ᠤᠨ ᠰᠢᠭᠤᠳ ᠬᠥᠷᠥᠩᠭᠡ ᠣᠷᠣᠭᠤᠯᠤᠯᠲᠠ ᠢᠢᠨ ᠰᠠᠩ ᠪᠣᠯᠤᠨ ᠮᠣᠩ᠋ᠭᠣᠯ ᠤᠯᠤᠰ ᠤᠨ ᠬᠥᠭ᠍ᠵᠢᠯ ᠦᠨ ᠪᠠᠩᠬᠢ ᠬᠣᠭᠣᠷᠣᠨᠳᠣ 《ᠷᠦᠪᠯᠢ᠂ ᠲᠥᠭᠥᠷᠢᠭ᠌ ᠦᠨ ᠬᠥᠷᠥᠩᠭᠡ ᠣᠷᠣᠭᠤᠯᠤᠯᠲᠠ ᠢᠢᠨ ᠬᠠᠮᠲᠤᠷᠠᠭᠰᠠᠨ ᠰᠠᠩ》 ᠪᠠᠢᠢᠭᠤᠯᠬᠤ ᠪᠠᠷ ᠲᠣᠬᠢᠷᠠᠵᠤ᠂ ᠰᠠᠨᠠᠮᠵᠢ ᠪᠢᠴᠢᠭ᠌ ᠪᠠᠢᠢᠭᠤᠯᠤᠯ᠎ᠠ᠃

ᠬᠣᠶᠠᠷ ᠲᠠᠯ᠎ᠠ ᠢᠢᠨ ᠬᠠᠷᠢᠯᠴᠠᠭᠠᠨ ᠳᠤ ᠣᠯᠠᠨ ᠵᠢᠯ ᠰᠢᠢᠳᠴᠦ ᠴᠢᠳᠠᠬᠤ ᠦᠭᠡᠢ ᠪᠠᠢᠢᠭᠰᠠᠨ ᠮᠣᠩ᠋ᠭᠣᠯ ᠳᠠᠬᠢ ᠣᠷᠣᠰ ᠤᠨ ᠦᠯᠦ ᠬᠥᠳᠡᠯᠬᠦ ᠬᠥᠷᠥᠩᠭᠡ ᠢᠢᠨ ᠠᠰᠠᠭᠤᠳᠠᠯ ᠤᠨ ᠡᠬᠢᠨ ᠦ ᠦᠶ᠎ᠡ ᠱᠠᠲᠤ ᠪᠣᠯᠤᠨ 《ᠤᠯᠠᠭᠠᠨᠪᠠᠭᠠᠲᠤᠷ ᠤᠨ ᠲᠡᠮᠦᠷ ᠵᠠᠮ》ᠨᠡᠢᠢᠭᠡᠮᠯᠢᠭ᠌᠍ ᠲᠡᠢ ᠬᠣᠯᠪᠣᠭ᠎ᠠ ᠲᠠᠢ ᠣᠨᠴᠣᠭᠣᠢ ᠠᠯᠪᠠᠨ ᠲᠠᠲᠠᠪᠤᠷᠢ ᠢᠢᠨ ᠠᠰᠠᠭᠤᠳᠠᠯ ᠰᠢᠢᠳᠪᠦᠷᠢᠯᠡᠭᠳᠡᠭᠰᠡᠨ ᠪᠣᠯᠬᠤ ᠢᠢ ᠮᠡᠳᠡᠭᠳᠡᠵᠦ ᠪᠠᠢᠢᠨ᠎ᠠ᠃

ᠣᠷᠣᠰ ᠤᠨ ᠬᠣᠯᠪᠣᠭᠠᠨ ᠤ ᠤᠯᠤᠰ ᠤᠨ ᠡᠷᠬᠢᠮᠰᠦᠭ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠤᠨ ᠡᠨᠡ ᠤᠳᠠᠭ᠎ᠠ ᠢᠢᠨ ᠠᠯᠪᠠᠨ ᠶᠣᠰᠣᠨ ᠤ ᠠᠢᠢᠯᠴᠢᠯᠠᠯ ᠤᠨ ᠦᠶ᠎ᠡ ᠪᠡᠷ ᠬᠣᠶᠠᠷ ᠣᠷᠣᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠢᠵᠢ ᠪᠦᠷᠢᠨ ᠰᠲ᠋ᠷᠠᠲ᠋ᠧᠭᠢ ᠢᠢᠨ ᠲᠦᠪᠰᠢᠨ ᠳᠥ ᠬᠦᠷᠭᠡᠭ᠍ᠰᠡᠨ ᠢᠶᠡᠷ ᠬᠣᠶᠠᠷ ᠣᠷᠣᠨ ᠤ ᠬᠠᠷᠢᠯᠴᠠᠭᠠᠨ ᠳᠤ ᠰᠢᠨ᠎ᠡ ᠬᠠᠭᠤᠳᠠᠰᠤ ᠨᠡᠭᠡᠭᠡᠵᠦ ᠪᠠᠢᠢᠭ᠎ᠠ ᠢᠢ ᠳᠠᠬᠢᠨ ᠣᠨᠴᠠᠯᠠᠨ ᠲᠡᠮᠳᠡᠭᠯᠡᠶ᠎ᠡ᠃ ᠮᠢᠨᠦ ᠤᠷᠢᠯᠭ᠎ᠠ ᠢᠢ ᠬᠦᠯᠢᠶᠡᠨ ᠠᠪᠴᠤ᠂ ᠴᠠᠭ ᠵᠠᠪ ᠭᠠᠷᠭᠠᠨ ᠮᠣᠩ᠋ᠭᠣᠯ ᠤᠯᠤᠰ ᠲᠤ ᠠᠢᠢᠯᠴᠢᠯᠠᠯ ᠬᠢᠭ᠍ᠰᠡᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠲᠠᠨ ᠳᠤ ᠳᠠᠬᠢᠨ ᠲᠠᠯᠠᠷᠬᠠᠯ ᠢᠯᠡᠷᠬᠡᠢᠢᠯᠡᠶ᠎ᠡ᠃

ᠠᠩᠬᠠᠷᠤᠯ ᠲᠠᠯᠪᠢᠭᠰᠠᠨ ᠳᠤ ᠪᠠᠶᠠᠷᠯᠠᠯ᠎ᠠ》 ᠭᠡᠪᠡ᠃