Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠ ᠳᠤ ᠪᠣᠯᠬᠤ ᠳᠣᠷᠣᠨ᠎ᠠ ᠢᠢᠨ ᠡᠳ᠋ ᠍ ᠦᠨ ᠵᠠᠰᠠᠭ ᠤᠨ ᠴᠢᠭᠤᠯᠭᠠᠨ ᠳᠤ ᠣᠷᠣᠯᠴᠠᠬᠤ ᠪᠠᠷ ᠡᠬᠡ ᠣᠷᠣᠨ ᠠᠴᠠ ᠪᠠᠨ ᠮᠣᠷᠳᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2019 ᠣᠨ ᠤ ᠶᠢᠰᠦᠳᠦᠭᠡᠷ ᠰᠠᠷ᠎ᠠ ᠢᠢᠨ 4-5 ᠍ ᠤ ᠡᠳᠦᠷ ᠦᠳ ᠲᠥ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠᠨ᠎ᠠ ᠪᠣᠯᠬᠤ ᠳᠣᠷᠣᠨ᠎ᠠ ᠢᠢᠨ ᠡᠳ᠋ ᠍ ᠦᠨ ᠵᠠᠰᠠᠭ ᠤᠨ V ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠥᠨᠥᠳᠥᠷ ᠡᠬᠡ ᠣᠷᠣᠨ ᠠᠴᠠ ᠪᠠᠨ ᠮᠣᠷᠳᠠᠯ᠎ᠠ᠃

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠤ ᠰᠠᠨᠠᠭᠠᠴᠢᠯᠠᠭ᠎ᠠ ᠪᠠᠷ ᠲᠠᠪᠤ ᠳ᠋ᠠᠬᠢ ᠵᠢᠯ ᠳᠥ ᠪᠡᠨ ᠵᠣᠬᠢᠶᠠᠨ ᠪᠠᠢᠢᠭᠤᠯᠤᠭᠳᠠᠵᠤ ᠪᠤᠢ ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ ᠳᠤ ᠣᠷᠣᠯᠴᠠᠬᠤ ᠦᠶ᠎ᠡ ᠪᠡᠷ ᠢᠶᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠥᠷᠦ ᠢᠢᠨ ᠲᠡᠷᠢᠭᠦᠨ᠂ ᠶᠡᠷᠦᠩᠬᠡᠢ ᠰᠠᠢᠢᠳ ᠨᠠᠷ ᠤᠨ ᠲᠡᠷᠢᠭᠦᠯᠡᠬᠦ ᠨᠢᠭᠡᠳᠦᠭᠰᠡᠨ ᠬᠤᠷᠠᠯᠳᠤᠭᠠᠨ ᠳᠤ ᠣᠷᠣᠯᠴᠠᠵᠤ᠂ ᠵᠠᠷᠢᠮ ᠤᠯᠤᠰ ᠤᠨ ᠲᠥᠷᠦ᠂ ᠵᠠᠰᠠᠭ ᠤᠨ ᠲᠡᠷᠭᠡ ᠨᠦᠭᠦᠳ ᠲᠡᠢ ᠬᠣᠶᠠᠷ ᠲᠠᠯ᠎ᠠ ᠳᠤ ᠠᠭᠤᠯᠵᠠᠯᠲᠠ ᠬᠢᠬᠦ ᠪᠡᠷ ᠲᠥᠯᠦᠪᠯᠡᠵᠦ ᠪᠠᠢᠢᠨ᠎ᠠ᠃