Та "Internet explorer"-ийн сүүлийн хувилбар болох "Microsoft edge"-г ашиглана уу

Хэрэв "Microsoft edge"-г татах бол энд дарж татаж авна уу

ᠮᠠᠷᠱᠠᠯ ᠭ ∙ ᠺ ∙ ᠵᠤᠢᠺᠣᠸ ᠤᠨ ᠵᠢᠭᠡ ᠦᠬᠢᠨ ᠸᠠᠷᠸᠠᠷᠠ ᠺᠢᠷᠢᠯᠤᠸᠨ᠎ᠠ ᠶᠸᠷᠦᠬᠢᠨᠠ ᠢᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠤᠷᠢᠯᠭ᠎ᠠ ᠪᠠᠷ ᠮᠣᠩ᠋ᠭᠣᠯ ᠤᠯᠤᠰ ᠲᠤ ᠵᠣᠴᠢᠯᠠᠵᠤ ᠪᠤᠢ ᠮᠣᠩ᠋ᠭᠣᠯ-ᠵᠥᠪᠯᠡᠯᠲᠦ ᠢᠢᠨ ᠴᠡᠷᠢᠭ ᠦᠨ ᠪᠦᠯᠦᠭ ᠦᠨ ᠶᠡᠷᠦᠩᠬᠡᠢ ᠺᠣᠮᠠᠨ᠋ᠳ᠋ᠯᠠᠭᠴᠢ ᠠᠭᠰᠠᠨ᠂ ᠵᠥᠪᠯᠡᠯᠲᠦ ᠬᠣᠯᠪᠣᠭᠠᠲᠤ ᠤᠯᠤᠰ ᠢᠢᠨ ᠳᠥᠷᠪᠡᠨ ᠤᠳᠠᠭ᠎ᠠ ᠢᠢᠨ ᠪᠠᠭᠠᠲᠤᠷ᠂ ᠪᠦᠭᠦᠳᠡ ᠨᠠᠢᠢᠷᠠᠮᠳᠠᠬᠤ ᠮᠣᠩ᠋ᠭᠣᠯ ᠠᠷᠠᠳ ᠤᠯᠤᠰ ᠤᠨ ᠪᠠᠭᠠᠲᠤᠷ᠂ ᠮᠠᠷᠱᠠᠯ ᠭ ∙ ᠺ ∙ ᠵᠤᠢᠺᠣᠸ ᠤᠨ ᠵᠢᠭᠡ ᠦᠬᠢᠨ ᠸᠠᠷᠸᠠᠷᠠ ᠺᠢᠷᠢᠯᠤᠸᠨ᠎ᠠ ᠶᠸᠷᠦᠬᠢᠨᠠ ᠢᠢ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠬᠦᠯᠢᠶᠡᠨ ᠠᠪᠴᠤ ᠠᠭᠤᠯᠵᠠᠪᠠ᠃

ᠠᠭᠤᠯᠵᠠᠯᠲᠠ ᠢᠢᠨ ᠡᠬᠢᠨ ᠳᠦ ᠸ ∙ ᠺ ∙ ᠶᠸᠷᠦᠬᠢᠨᠠ ᠮᠣᠩ᠋ᠭᠣᠯ ᠤᠯᠤᠰ ᠲᠤ ᠠᠩᠬ᠎ᠠ ᠤᠳᠤᠭ᠎ᠠ ᠪᠠᠨ ᠢᠷᠡᠬᠦ ᠳᠥ ᠨᠠᠢᠢᠷᠰᠠᠭ ᠳᠣᠲᠣᠨᠣ ᠪᠠᠷ ᠬᠦᠯᠢᠶᠡᠨ ᠠᠪᠴᠤ ᠠᠭᠤᠯᠵᠠᠵᠤ ᠪᠤᠢ ᠳᠤ ᠲᠠᠯᠠᠷᠬᠠᠯ ᠢᠯᠡᠷᠬᠡᠢᠢᠯᠡᠭᠡᠳ᠂ ᠭ ∙ ᠺ ∙ ᠵᠤᠢᠺᠣᠸ ᠤᠨ ᠮᠦᠽᠧᠢ ᠢᠢ ᠦᠵᠡᠵᠦ ᠰᠣᠨᠢᠷᠬᠠᠭᠰᠠᠨ ᠲᠤᠬᠠᠢ ᠢᠢ ᠪᠠᠨ ᠶᠠᠷᠢᠯ᠎ᠠ᠃ ᠡᠭᠦᠨ ᠡᠴᠡ ᠤᠯᠪᠠᠭᠠᠯᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ᠂ ᠸ ∙ ᠺ ∙ ᠶᠸᠷᠦᠬᠢᠨᠠ ᠨᠠᠷ ᠭ ∙ ᠺ ∙ ᠵᠤᠢᠺᠣᠸ  ᠤᠨ ᠠᠮᠢᠳᠤᠷᠠᠯ᠂ ᠬᠠᠯᠬ᠎ᠠ ᠢᠢᠨ ᠭᠣᠣᠯ ᠤᠨ ᠪᠠᠢᠢᠯᠳᠤᠭᠠᠨ ᠤ ᠦᠶ᠎ᠡ ᠢᠢᠨ ᠴᠡᠷᠢᠭ ᠳᠠᠢᠢᠨ ᠤ ᠦᠢᠯᠡ ᠠᠵᠢᠯᠯᠠᠭᠠᠨ ᠤ ᠲᠠᠯ᠎ᠠ ᠪᠠᠷ ᠬᠠᠯᠠᠭᠤᠨ ᠳᠣᠲᠣᠨᠣ ᠶᠠᠷᠢᠶ᠎ᠠ ᠥᠷᠨᠢᠭᠦᠯᠦᠯ᠎ᠡ᠃