Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠸᠯᠠᠳᠢᠧᠤᠰᠲ᠋ᠣᠺ ᠬᠣᠲᠠ ᠳᠤ ᠬᠦᠷᠦᠯᠴᠡᠨ ᠢᠷᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠣᠷᠣᠨ᠎ᠠ ᠢᠢᠨ ᠡᠳ᠋ ᠍ ᠦᠨ ᠵᠠᠰᠠᠭ ᠤᠨ V ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠥᠨᠥᠳᠥᠷ ᠣᠷᠣᠰ ᠤᠨ ᠬᠣᠯᠪᠣᠭᠠᠨ ᠤ ᠤᠯᠤᠰ ᠤᠨ ᠸᠯᠠᠳᠢᠧᠤᠰᠲ᠋ᠣᠺ ᠬᠣᠲᠠ ᠳᠤ ᠬᠦᠷᠦᠯᠴᠡᠨ ᠢᠷᠡᠯ᠎ᠡ᠃

ᠲᠥᠷᠥ ᠢᠢᠨ ᠲᠡᠷᠢᠭᠦᠨ ᠢ ᠣᠷᠣᠰ ᠤᠨ ᠬᠣᠯᠪᠣᠭᠠᠨ ᠤ ᠤᠯᠤᠰ ᠢᠢᠨ ᠲᠠᠯ᠎ᠠ ᠠᠴᠠ ᠲᠤᠰ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠢᠢᠨ ᠶᠣᠰᠣᠯᠠᠯ ᠤᠨ ᠭᠠᠵᠠᠷ ᠤᠨ ᠳᠡᠳ᠋ ᠵᠠᠬᠢᠷᠤᠯ ᠠ᠊ ∙ ᠢ᠊ ∙ ᠶᠠᠺᠣᠸᠯᠧᠸ᠂ ᠸᠯᠠᠳᠢᠧᠤᠰᠲ᠋ᠣᠺ ᠬᠣᠲᠠ ᠢᠢᠨ ᠵᠠᠰᠠᠭ ᠳᠠᠷᠤᠭ᠎ᠠ ᠢᠢᠨ ᠲᠠᠮᠠᠭ᠎ᠠ ᠢᠢᠨ ᠭᠠᠵᠠᠷ ᠤᠨ ᠣᠷᠣᠯᠠᠭᠴᠢ ᠳᠠᠷᠤᠭ᠎ᠠ ᠸ ∙ ᠸ ∙ ᠴᠧᠷᠧᠫᠺᠣᠸ᠂ ᠫᠷᠢᠮᠣᠷ ᠤᠨ ᠬᠢᠵᠠᠭᠠᠷ ᠤᠨ ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠭᠠᠵᠠᠷ ᠤᠨ ᠵᠠᠬᠢᠷᠤᠯ ᠰᠲ᠋ᠠᠷᠢᠴᠺᠣᠸ ᠠᠯᠧᠺᠰᠧᠢ᠂ ᠫᠷᠢᠮᠣᠷ ᠤᠨ ᠬᠢᠵᠠᠭᠠᠷ ᠤᠨ ᠠᠮᠪᠠᠨ ᠵᠠᠬᠢᠷᠤᠭᠴᠢ ᠢᠢᠨ ᠨᠢᠭᠡᠳᠦᠭᠡᠷ ᠣᠷᠣᠯᠠᠭᠴᠢ ᠳᠠᠷᠤᠭ᠎ᠠ ᠬᠠᠲᠤᠭᠲᠠᠢ ᠸ ∙ ᠭ ∙ ᠰᠢᠷᠪᠢᠨ ᠨᠠᠷ ᠤᠨ ᠲᠥᠯᠥᠭᠡᠯᠡᠭᠴᠢᠳ ᠤᠭᠲᠤᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠠᠷᠭᠠᠰᠢ ᠶᠠᠫᠣᠨ ᠪᠣᠯᠤᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢ ᠰᠠᠢᠢᠳ ᠨᠠᠷ ᠲᠠᠢ ᠠᠭᠤᠯᠵᠠᠵᠤ᠂ ᠳᠣᠷᠣᠨ᠎ᠠ ᠢᠢᠨ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ ᠢᠢᠨ ᠨᠢᠭᠡᠳᠦᠭᠰᠡᠨ ᠬᠤᠷᠠᠯᠳᠤᠭᠠᠨ ᠳᠤ ᠣᠷᠣᠯᠴᠠᠵᠤ ᠦᠭᠡ ᠬᠡᠯᠡᠬᠦ ᠪᠡᠷ ᠲᠥᠯᠥᠪᠯᠡᠵᠦ ᠪᠠᠢᠢᠨ᠎ᠠ᠃