ᠣᠷᠣᠰ ᠤᠨ ᠬᠣᠯᠪᠣᠭᠠᠨ ᠤ ᠤᠯᠤᠰ ᠤᠨ ᠸᠯᠠᠳᠢᠧᠤᠰᠲ᠋ᠣᠺ ᠬᠣᠲᠠᠨ᠎ᠠ ᠪᠣᠯᠵᠤ ᠪᠤᠢ ᠳᠣᠷᠣᠨ᠎ᠠ ᠢᠢᠨ ᠡᠳ᠋ ᠍ ᠦᠨ ᠵᠠᠰᠠᠭ ᠤᠨ V ᠴᠢᠭᠤᠯᠭ᠎ᠠ᠂ ᠠᠭᠤᠯᠵᠠᠯᠲᠠ ᠳᠤ ᠣᠷᠣᠯᠴᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠣᠷᠣᠰ ᠤᠨ ᠬᠣᠯᠪᠣᠭᠠᠨ ᠤ ᠤᠯᠤᠰ ᠤᠨ ᠲᠡᠭᠡᠭᠡᠪᠦᠷᠢ᠂ ᠯᠣᠵᠢᠰᠲ᠋ᠢᠭ ᠤᠨ ᠲᠡᠷᠢᠭᠦᠯᠡᠬᠦ ᠺᠣᠮᠫᠠᠨᠢ ᠨᠤᠭᠤᠳ ᠤᠨ ᠨᠢᠭᠡ ᠪᠣᠯᠬᠤ 《ᠹᠧᠰᠺᠣ》 ᠭᠷᠦ᠋ᠫ ᠦᠨ ᠶᠡᠷᠦᠩᠬᠡᠢᠢᠯᠡᠭᠴᠢ ᠠᠯᠧᠺᠰᠠᠨ᠋ᠳ᠋ᠷ ᠢᠰᠤᠷᠢᠨ ᠲᠠᠢ ᠴᠥᠭᠡᠨ ᠬᠣᠷᠤᠮ ᠠᠭᠤᠯᠵᠠᠯ᠎ᠠ᠃
ᠡᠨᠡ ᠦᠶ᠎ᠡ ᠪᠡᠷ ᠠᠯᠧᠺᠰᠠᠨ᠋ᠳ᠋ᠷ ᠢᠰᠤᠷᠢᠨ《ᠡᠷᠳᠡᠨᠢᠰ-ᠲᠠᠪᠤᠨᠲᠣᠯᠣᠭᠠᠢ》 ᠬᠤᠪᠢᠴᠠᠭᠠᠳᠤ ᠺᠣᠮᠫᠠᠨᠢ ᠍ ᠲᠠᠢ ᠬᠠᠮᠲᠤᠷᠠᠨ ᠬᠡᠷᠡᠭᠵᠢᠭᠦᠯᠬᠦ ᠲᠡᠭᠡᠭᠡᠪᠦᠷ ᠦᠨ ᠲᠧᠷᠮᠢᠨᠠᠯ ᠪᠠᠢᠢᠭᠤᠯᠬᠤ ᠲᠥᠰᠥᠯ ᠢ ᠠᠩᠬᠠᠨ ᠠᠴᠠ ᠨᠢ ᠳᠡᠮᠵᠢᠵᠦ ᠢᠷᠡᠭᠰᠡᠨ ᠳᠥ ᠲᠠᠯᠠᠷᠬᠠᠯ ᠢᠯᠡᠷᠬᠡᠢᠢᠯᠡᠭᠡᠳ ᠲᠥᠰᠥᠯ ᠦᠨ ᠲᠧᠭᠨᠢᠭ ᠡᠳ᠋ ᠍ ᠦᠨ ᠵᠠᠰᠠᠭ ᠤᠨ ᠦᠨᠳᠦᠰᠦᠯᠡᠯ ᠢ ᠪᠡᠯᠡᠨ ᠪᠣᠯᠭᠠᠭᠰᠠᠨ ᠢᠶᠠᠨ ᠲᠠᠨᠢᠯᠴᠠᠭᠤᠯᠤᠭᠰᠠᠨ ᠶᠤᠮ᠃
ᠲᠧᠭᠨᠢᠭ᠂ ᠡᠳ᠋ ᠍ ᠦᠨ ᠵᠠᠰᠠᠭ ᠤᠨ ᠦᠨᠳᠦᠰᠦᠯᠡᠯ ᠳᠦ ᠲᠥᠰᠥᠯ ᠦᠨ ᠡᠬᠢᠨ ᠦ ᠱᠠᠲᠤ 2022 ᠣᠨ ᠬᠦᠷᠲᠡᠯ᠎ᠡ ᠬᠡᠷᠡᠭᠵᠢᠵᠦ᠂ ᠵᠢᠯ ᠳᠥ ᠳᠤᠮᠳᠠᠴᠢ ᠪᠠᠷ 6 ᠰᠠᠶ᠎ᠠ ᠲᠣᠨ ᠨᠡᠭᠦᠷᠡᠰᠦ ᠲᠡᠭᠡᠭᠡᠪᠦᠷᠢᠯᠡᠬᠦ ᠪᠣᠯᠤᠮᠵᠢ ᠲᠠᠢ ᠲᠧᠷᠮᠢᠨᠠᠯ ᠪᠠᠢᠢᠭᠤᠯᠬᠤ᠂ 2024 ᠣᠨ ᠭᠡᠬᠦ ᠳᠥ ᠨᠡᠭᠦᠷᠡᠰᠦᠨ ᠦ ᠲᠡᠭᠡᠭᠡᠪᠦᠷᠢ ᠢᠢ ᠵᠢᠯ ᠳᠥ 10 ᠰᠠᠶ᠎ᠠ ᠲᠣᠨ ᠳᠤ ᠬᠦᠷᠭᠡᠵᠦ ᠬᠦᠴᠦᠨ ᠴᠢᠳᠠᠯ ᠢ ᠨᠡᠮᠡᠭᠳᠡᠭᠦᠯᠬᠦ ᠪᠡᠷ ᠲᠤᠰᠬᠠᠭᠰᠠᠨ ᠪᠠᠢᠢᠨ᠎ᠠ᠃
ᠲᠧᠭᠨᠢᠭ᠂ ᠡᠳ᠋ ᠍ ᠦᠨ ᠵᠠᠰᠠᠭ ᠤᠨ ᠦᠨᠳᠦᠰᠦᠯᠡᠯ ᠢ ᠪᠣᠯᠪᠠᠰᠤᠷᠠᠭᠤᠯᠬᠤ ᠳᠤ ᠪᠠᠨ 《ᠹᠧᠰᠺᠣ》 ᠭᠷᠦ᠋ᠫ ᠨᠢ 《ᠡᠷᠳᠡᠨᠢᠰ-ᠲᠠᠪᠤᠨᠲᠣᠯᠣᠭᠠᠢ》 ᠬᠤᠪᠢᠴᠠᠭᠠᠳᠤ ᠺᠣᠮᠫᠠᠨᠢ ᠍ ᠲᠠᠢ ᠨᠢᠭ᠌ᠲᠠ ᠬᠠᠮᠲᠤᠷᠠᠨ ᠠᠵᠢᠯᠯᠠᠭᠰᠠᠨ ᠪᠥᠭᠡᠳ ᠲᠧᠭᠨᠢᠭ᠂ ᠡᠳ᠋ ᠍ ᠦᠨ ᠵᠠᠰᠠᠭ ᠤᠨ ᠦᠨᠳᠦᠰᠦᠯᠡᠯ ᠦᠨ ᠠᠩᠬᠠᠨ ᠤ ᠬᠤᠪᠢᠯᠪᠤᠷᠢ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠭᠠᠷᠳᠠᠭᠤᠯᠤᠨ ᠥᠭ᠍ᠭᠦᠭ᠍ᠰᠡᠨ ᠢᠶᠡᠷ ᠡᠢᠢᠨ ᠬᠦ ᠲᠥᠰᠥᠯ ᠢ ᠡᠬᠢᠯᠡᠭᠦᠯᠵᠦ ᠪᠠᠢᠢᠭ᠎ᠠ ᠪᠠᠨ ᠵᠠᠷᠯᠠᠯ᠎ᠠ᠃