Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠢᠢᠨ ᠶᠡᠷᠦᠩᠬᠡᠢᠢᠯᠡᠭᠴᠢ᠂ ᠠᠺᠠᠳᠧᠮᠢᠴᠢ ᠠ᠊ ∙ ᠮ ∙ ᠰᠧᠷᠠᠭᠧᠧᠸ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠲᠤ ᠠᠢᠢᠯᠴᠢᠯᠠᠵᠤ ᠪᠤᠢ ᠣᠷᠣᠰ ᠤᠨ ᠬᠣᠯᠪᠣᠭᠠᠨ ᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠢᠢᠨ ᠶᠡᠷᠦᠩᠬᠡᠢᠢᠯᠡᠭᠴᠢ᠂ ᠠᠺᠠᠳᠧᠮᠢᠴᠢ ᠠ᠊ ∙ ᠮ ∙ ᠰᠧᠷᠭᠧᠧᠸ᠂ ᠲᠤᠰ ᠠᠺᠠᠳᠧᠮᠢ ᠢᠢᠨ ᠳᠡᠳ᠋ ᠶᠡᠷᠦᠩᠬᠡᠢᠢᠯᠡᠭᠴᠢ᠂ ᠠᠺᠠᠳᠧᠮᠢᠴᠢ ᠠ᠊ ∙ ᠸ ∙ ᠠᠳ᠋ᠷᠢᠶᠠᠨᠣᠸ ᠨᠠᠷ ᠤᠨ ᠲᠥᠯᠦᠭᠡᠯᠡᠭᠴᠢᠳ ᠢ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠯ᠎ᠠ᠃

ᠣᠷᠣᠰ ᠤᠨ ᠬᠣᠯᠪᠣᠭᠠᠨ ᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠢᠢᠨ ᠲᠥᠯᠦᠭᠡᠯᠡᠭᠴᠢᠳ᠂ ᠲᠡᠷᠡ ᠳᠤᠮᠳᠠ ᠪᠠᠨ ᠠᠺᠠᠳᠧᠮᠢ ᠢᠢᠨ ᠶᠡᠷᠦᠩᠬᠡᠢᠢᠯᠡᠭᠴᠢ ᠨᠢ 98 ᠵᠢᠯ ᠦᠨ ᠳᠠᠷᠠᠭ᠎ᠠ ᠠᠩᠬ᠎ᠠ ᠤᠳᠠᠭ᠎ᠠ ᠮᠣᠩ᠋ᠭᠣᠯ ᠤᠯᠤᠰ ᠲᠤ ᠢᠷᠡᠵᠦ᠂ ᠰᠢᠨᠵᠢᠯᠡᠬᠦ ᠤᠬᠠᠭᠠᠨ ᠤ ᠠᠺᠠᠳᠧᠮᠢ ᠬᠣᠭᠣᠷᠣᠨᠳᠣ ᠬᠠᠮᠲᠤ ᠢᠢᠨ ᠠᠵᠢᠯᠯᠠᠭᠠᠨ ᠤ ᠰᠢᠨᠡᠴᠢᠯᠡᠭᠰᠡᠨ ᠭᠡᠷ᠎ᠡ ᠳᠦᠷ ᠭᠠᠷ ᠤᠨ ᠦᠰᠦᠭ ᠵᠢᠷᠤᠭᠰᠠᠨ ᠶᠠᠪᠤᠳᠠᠯ ᠨᠢ ᠬᠣᠶᠠᠷ ᠣᠷᠣᠨ ᠤ ᠰᠢᠨᠵᠢᠯᠡᠬᠦ ᠤᠬᠠᠭᠠᠨ ᠤ ᠬᠠᠮᠲᠤ ᠢᠢᠨ ᠠᠵᠢᠯᠯᠠᠭ᠎ᠠ ᠤᠯᠠᠮ ᠪᠦᠷ ᠥᠷᠭᠡᠵᠢᠨ ᠬᠥᠭ᠍ᠵᠢᠬᠦ ᠢᠢᠨ ᠪᠠᠲᠤᠯᠠᠭ᠎ᠠ ᠬᠡᠮᠡᠨ ᠦᠵᠡᠵᠦ ᠪᠤᠢ ᠢᠢ ᠪᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠶᠠᠭᠤᠨ ᠲᠦᠷᠦᠭᠦᠨ ᠳᠥ ᠣᠨᠴᠠᠯᠠᠨ ᠲᠡᠮᠳᠡᠭᠯᠡᠯ᠎ᠡ᠃

ᠤᠯᠠᠮ ᠢᠶᠠᠷ ᠬᠣᠶᠠᠷ ᠣᠷᠣᠨ ᠤ ᠰᠢᠨᠵᠢᠯᠡᠬᠦ ᠤᠬᠠᠭᠠᠨ ᠤ ᠠᠺᠠᠳᠧᠮᠢ ᠬᠣᠭᠣᠷᠣᠨᠳᠣ ᠪᠠᠢᠢᠭᠤᠯᠤᠭᠰᠠᠨ ᠬᠠᠮᠲᠤ ᠢᠢᠨ ᠠᠵᠢᠯᠯᠠᠭᠠᠨ ᠤ ᠭᠡᠷ᠎ᠡ ᠢᠢᠨ ᠬᠦᠷᠢᠶᠡᠨ ᠳᠥ ᠬᠡᠯᠡᠯᠴᠡᠭᠡᠷ᠂ ᠬᠠᠮᠲᠤᠷᠠᠭᠰᠠᠨ ᠰᠤᠳᠤᠯᠭᠠᠨ ᠤ ᠠᠵᠢᠯ ᠤᠨ ᠴᠢᠭᠯᠡᠯ ᠢ ᠲᠣᠭᠲᠠᠭᠠᠵᠤ᠂ ᠴᠢᠨᠠᠭᠰᠢᠳᠠ ᠪᠠᠨ ᠪᠠᠢᠢᠩ᠋ᠭᠤ ᠢᠢᠨ ᠬᠠᠮᠲᠤ ᠢᠢᠨ ᠠᠵᠢᠯᠯᠠᠭ᠎ᠠ ᠲᠠᠢ ᠪᠠᠢᠢᠬᠤ ᠮᠧᠬᠠᠨᠢᠰᠮ ᠪᠦᠷᠢᠳᠦᠭᠦᠯᠬᠦ ᠨᠢ ᠨᠡᠩ ᠲᠦᠷᠦᠭᠦᠨ ᠳᠥ ᠠᠩᠬᠠᠷᠬᠤ ᠠᠰᠠᠭᠤᠳᠠᠯ ᠭᠡᠳ ᠶᠡᠷᠦᠩᠬᠡᠢᠢᠯᠡᠭᠴᠢ ᠢᠢᠨ ᠵᠦᠭ ᠡᠴᠡ ᠳᠡᠮᠵᠢᠵᠦ ᠠᠵᠢᠯᠯᠠᠬᠤ ᠪᠠᠨ ᠢᠯᠡᠷᠬᠡᠢᠢᠯᠡᠪᠡ᠃

ᠮᠠᠨ ᠤ ᠬᠣᠶᠠᠷ ᠤᠯᠤᠰ ᠤᠨ ᠰᠢᠨᠵᠢᠯᠡᠬᠦ ᠤᠬᠠᠭᠠᠨ ᠤ ᠰᠠᠯᠪᠤᠷᠢ ᠢᠢᠨ ᠭᠦᠨ ᠪᠠᠲᠤ ᠬᠠᠮᠲᠤ ᠢᠢᠨ ᠠᠵᠢᠯᠯᠠᠭᠠᠨ ᠤ ᠨᠢᠭᠡ ᠬᠡᠰᠡᠭ ᠨᠢ ᠰᠠᠨᠰᠠᠷ ᠰᠤᠳᠤᠯᠤᠯ ᠪᠥᠭᠡᠳ ᠳᠡᠯᠡᠬᠡᠢ ᠳᠠᠶᠠᠭᠠᠷ ᠡᠷᠴᠢᠮᠵᠢᠭᠰᠡᠨ ᠰᠠᠨᠰᠠᠷ ᠰᠤᠳᠤᠯᠤᠯ ᠤᠨ ᠰᠠᠯᠪᠤᠷᠢ ᠳᠤ ᠡᠷᠴᠢᠮᠲᠡᠢ ᠬᠠᠮᠲᠤᠷᠠᠵᠤ ᠠᠵᠢᠯᠯᠠᠬᠤ᠂ ᠮᠣᠩ᠋ᠭᠣᠯ ᠤᠨ ᠭᠣᠪᠢ ᠳᠠᠬᠢ ᠥᠪᠡᠷᠮᠢᠴᠡ ᠲᠣᠭᠲᠠᠴᠠ᠂ ᠰᠢᠨᠵᠢ ᠨᠦᠭᠦᠳ ᠢ ᠠᠰᠢᠭᠯᠠᠬᠤ ᠪᠣᠯᠤᠮᠵᠢ᠂ ᠪᠣᠯᠤᠯᠴᠠᠭ᠎ᠠ ᠪᠠᠢᠢᠭ᠎ᠠ ᠲᠠᠯ᠎ᠠ ᠪᠠᠷ ᠲᠠᠯ᠎ᠠ ᠨᠤᠭᠤᠳ ᠳᠡᠯᠭᠡᠷᠡᠩᠭᠦᠢ ᠰᠠᠨᠠᠯ ᠰᠣᠯᠢᠯᠴᠠᠯ᠎ᠠ᠃

ᠮᠥᠨ ᠲᠡᠦᠬᠡ᠂ ᠰᠣᠶᠣᠯ᠂ ᠠᠷᠬᠧᠣᠯᠣᠭᠢ ᠢᠢᠨ ᠰᠠᠯᠪᠤᠷᠢ ᠳᠤ ᠪᠡᠯᠡᠳᠬᠡᠭ᠍ᠳᠡᠭᠰᠡᠨ ᠡᠷᠳᠡᠮᠲᠡᠳ ᠮᠠᠨ ᠤ ᠬᠣᠶᠠᠷ ᠤᠯᠤᠰ ᠲᠤ ᠨᠡᠢᠢᠲᠡᠯᠢᠭ ᠲᠤᠯᠠ ᠬᠠᠮᠲᠤ ᠢᠢᠨ ᠠᠵᠢᠯᠯᠠᠭ᠎ᠠ ᠢᠢ ᠡᠷᠴᠢᠮᠲᠡᠢ ᠰᠡᠷᠭᠦᠭᠡᠬᠦ ᠨᠢ ᠵᠦᠢᠲᠡᠢ ᠭᠡᠪᠡ᠃

ᠡᠭᠦᠨ ᠡᠴᠡ ᠭᠠᠳᠠᠨ᠎ᠠ ᠰᠢᠨᠵᠢᠯᠡᠬᠦ ᠤᠬᠠᠭᠠᠨ ᠤ ᠰᠠᠯᠪᠤᠷᠢ ᠢᠢᠨ ᠲᠥᠰᠥᠪ᠂ ᠫᠠᠲ᠋ᠧᠨ᠋ᠲ᠂ ᠪᠥᠰᠡ ᠨᠤᠲᠤᠭ ᠤᠨ ᠰᠠᠯᠪᠤᠷᠢ ᠢᠢᠨ ᠬᠥᠭ᠍ᠵᠢᠯ ᠵᠡᠷᠭᠡ ᠥᠷᠭᠡᠨ ᠠᠰᠠᠭᠤᠳᠠᠯ ᠢᠶᠠᠷ ᠰᠠᠨᠠᠯ ᠰᠣᠯᠢᠯᠴᠠᠵᠤ᠂ ᠦᠰᠦᠷᠦᠩᠭᠦᠢ ᠬᠥᠭ᠍ᠵᠢᠯ ᠦᠨ ᠢᠶᠡᠨ ᠭᠠᠷᠤᠭ᠎ᠠ ᠳᠡᠭᠡᠷ᠎ᠡ ᠢᠷᠡᠭᠰᠡᠨ ᠰᠢᠨᠵᠢᠯᠡᠬᠦ ᠤᠬᠠᠭᠠᠨ ᠤ ᠰᠠᠯᠪᠤᠷᠢ ᠳᠤ ᠡᠷᠳᠡᠮᠲᠡᠨ ᠮᠡᠷᠭᠡᠳ ᠦᠨ ᠰᠤᠳᠤᠯᠭ᠎ᠠ ᠰᠢᠨᠵᠢᠯᠡᠭᠡ᠂ ᠰᠠᠨᠠᠯ ᠰᠠᠨᠠᠭᠠᠴᠢᠯᠠᠭ᠎ᠠ ᠬᠡᠷᠡᠭ ᠲᠡᠢ ᠲᠤᠯᠠ ᠬᠠᠮᠲᠤ ᠢᠢᠨ ᠠᠵᠢᠯᠯᠠᠭ᠎ᠠ ᠢᠢ ᠴᠢᠬᠤᠯᠠᠴᠢᠯᠠᠬᠤ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠰᠡᠭᠰᠡᠨ ᠶᠤᠮ᠃

ᠠᠭᠤᠯᠵᠠᠯᠲᠠ ᠢᠢᠨ ᠲᠡᠭᠦᠰᠬᠡᠯ ᠳᠥ ᠲᠠᠯ᠎ᠠ ᠨᠤᠭᠤᠳ ᠶᠠᠷᠢᠯᠴᠠᠭᠰᠠᠨ ᠰᠡᠳᠦᠪ ᠪᠦᠷᠢ ᠢᠢ ᠬᠠᠷᠢᠭᠤᠴᠠᠬᠤ ᠡᠵᠡᠨ᠂ ᠬᠠᠮᠲᠤ ᠢᠢᠨ ᠠᠵᠢᠯᠯᠠᠭᠠᠨ ᠤ ᠮᠧᠬᠠᠨᠢᠰᠮ ᠲᠠᠢ ᠪᠣᠯᠭᠠᠵᠤ᠂ ᠡᠷᠭᠢᠨ ᠠᠭᠤᠯᠵᠠᠯᠳᠤᠬᠤ ᠪᠠᠷ ᠲᠣᠬᠢᠷᠠᠯᠴᠠᠪᠠ᠃