ᠤᠯᠤᠰ ᠲᠥᠷᠦ ᠢᠢᠨ ᠬᠢᠯᠢᠰ ᠬᠡᠷᠡᠭ ᠲᠥ ᠬᠡᠯᠮᠡᠭᠳᠡᠭᠰᠡᠳ ᠦᠨ ᠳᠤᠷᠠᠰᠬᠠᠯ ᠢ ᠵᠢᠯ ᠪᠦᠷᠢ ᠢᠢᠨ ᠶᠢᠰᠦᠳᠦᠭᠡᠷ ᠰᠠᠷ᠎ᠠ ᠢᠢᠨ 10 ᠍ ᠤ ᠡᠳᠦᠷ ᠬᠦᠨᠳᠦᠳᠬᠡᠨ ᠳᠤᠷᠠᠰᠳᠠᠭ᠃
ᠡᠨᠡᠬᠦ ᠡᠳᠦᠷ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠮᠣᠩ᠋ᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ᠂ ᠮᠣᠩ᠋ᠭᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ ᠨᠠᠷ ᠬᠡᠯᠮᠡᠭᠳᠡᠭᠰᠡᠳ ᠦᠨ ᠬᠥᠰᠢᠶᠡᠨ ᠳᠥ ᠴᠡᠴᠡᠭ ᠡᠷᠭᠦᠯ᠎ᠡ᠃
ᠮᠥᠨ ᠬᠡᠯᠮᠡᠭᠳᠡᠭᠰᠡᠳ ᠢ ᠳᠤᠷᠠᠰᠤᠨ ᠰᠠᠨᠠᠵᠤ᠂ ᠬᠦᠨᠳᠦᠳᠬᠡᠯ ᠦᠵᠡᠭᠦᠯᠬᠦ ᠪᠡᠷ ᠢᠷᠡᠭᠰᠡᠨ ᠵᠠᠷᠢᠮ ᠤᠯᠤᠰ ᠤᠨ ᠶᠡᠬᠡ ᠬᠤᠷᠠᠯ ᠤᠨ ᠭᠡᠰᠢᠭᠦᠨ᠂ ᠤᠯᠤᠰ ᠲᠥᠷᠥ ᠢᠢᠨ ᠨᠠᠮ ᠤᠨ ᠲᠥᠯᠥᠭᠡᠯᠡᠯ ᠦᠳ᠂ ᠲᠥᠷᠥ ᠢᠢᠨ ᠪᠣᠯᠤᠨ ᠲᠥᠷᠥ ᠢᠢᠨ ᠪᠤᠰᠤ ᠪᠠᠢᠢᠭᠤᠯᠤᠯᠭ᠎ᠠ ᠢᠢᠨ ᠲᠥᠯᠥᠭᠡᠯᠡᠯ᠂ ᠢᠷᠭᠡᠳ ᠦᠨ ᠲᠥᠯᠥᠭᠡᠯᠡᠯ ᠬᠡᠯᠮᠡᠭᠳᠡᠭᠰᠡᠳ ᠦᠨ ᠬᠥᠰᠢᠶᠡᠨ ᠳᠥ ᠴᠡᠴᠡᠭ ᠡᠷᠭᠦᠵᠦ᠂ ᠬᠦᠨᠳᠦᠳᠬᠡᠯ ᠦᠵᠡᠭᠦᠯᠪᠡ᠃
《…ᠮᠣᠩ᠋ᠭᠣᠯ ᠤᠯᠤᠰ ᠲᠤ ᠤᠯᠤᠰ ᠲᠥᠷᠥ ᠢᠢᠨ ᠬᠡᠯᠮᠡᠭᠳᠡᠭᠦᠯᠦᠯᠲᠡ ᠨᠡᠢᠢᠭᠡᠮ ᠤᠨ ᠪᠦᠬᠦᠢ ᠯᠠ ᠳᠠᠪᠬᠤᠷᠭ᠎ᠠ᠂ ᠣᠯᠠᠨ ᠲᠦᠮᠡᠨ ᠢ ᠨᠡᠢᠢᠲᠡ ᠪᠡᠷ ᠬᠠᠮᠤᠷᠴᠤ ᠡᠬᠢᠯᠡᠭᠰᠡᠨ 1937 ᠣᠨ ᠤ ᠶᠢᠰᠦᠳᠦᠭᠡᠷ ᠰᠠᠷ᠎ᠠ ᠢᠢᠨ 10 ᠍ ᠤ ᠡᠳᠦᠷ ᠢᠶᠡᠷ ᠲᠥᠯᠦᠭᠡᠯᠡᠭᠦᠯᠦᠨ ᠵᠢᠯ ᠪᠦᠷᠢ ᠢᠢᠨ ᠡᠨᠡ ᠡᠳᠦᠷ ᠢ ᠤᠯᠤᠰ ᠲᠥᠷᠥ ᠢᠢᠨ ᠬᠡᠯᠮᠡᠭᠳᠡᠭᠰᠡᠳ ᠦᠨ ᠳᠤᠷᠠᠰᠬᠠᠯ ᠢ ᠬᠦᠨᠳᠦᠳᠭᠡᠬᠦ ᠡᠳᠦᠷ ᠪᠣᠯᠭᠠᠨ ᠤᠯᠤᠰ ᠣᠷᠣᠨ ᠳᠠᠶᠠᠭᠠᠷ ᠲᠡᠮᠳᠡᠭᠯᠡᠵᠦ ᠪᠠᠢᠢᠬᠤ ᠲᠤᠬᠠᠢ ᠮᠣᠩ᠋ᠭᠣᠯ ᠤᠯᠤᠰ ᠤᠨ ᠬᠠᠤᠯᠢ᠂ ᠤᠯᠤᠰ ᠤᠨ ᠶᠡᠬᠡ ᠬᠤᠷᠠᠯ ᠤᠨ ᠲᠣᠭᠲᠠᠭᠠᠯ ᠤᠨ ᠳᠠᠭᠠᠭᠤ ᠡᠨᠡᠬᠦ ᠡᠳᠦᠷ ᠢ 24 ᠳ᠋ᠡᠬᠢ ᠵᠢᠯ ᠳᠥ ᠪᠡᠨ ᠬᠦᠨᠳᠦᠳᠬᠡᠨ ᠥᠩᠭᠡᠷᠡᠭᠦᠯᠵᠦ ᠪᠠᠢᠢᠨ᠎ᠠ》 ᠭᠡᠵᠦ ᠴᠠᠭᠠᠳᠬᠠᠬᠤ ᠠᠵᠢᠯ ᠢ ᠤᠳᠤᠷᠢᠳᠤᠨ ᠵᠣᠬᠢᠶᠠᠨ ᠪᠠᠢᠢᠭᠤᠯᠬᠤ ᠤᠯᠤᠰ ᠤᠨ ᠺᠣᠮᠢᠰ ᠠᠴᠠ ᠮᠡᠳᠡᠭᠡᠯᠡᠯ᠎ᠡ᠃
ᠮᠥᠨ 36 ᠮᠢᠩ᠋ᠭ᠎ᠠ ᠣᠷᠴᠢᠮ ᠢᠷᠭᠡᠨ ᠬᠡᠯᠮᠡᠭᠳᠡᠭᠦᠯᠦᠯᠲᠡ ᠳᠥ ᠥᠷᠲᠦᠭᠰᠡᠨ ᠡᠴᠡ 31263 ᠢᠷᠭᠡᠨ ᠦ ᠨᠡᠷ᠎ᠡ ᠲᠥᠷᠥ ᠢᠢ ᠰᠡᠷᠭᠦᠭᠡᠵᠦ᠂ ᠤᠯᠤᠰ ᠲᠥᠷᠥ ᠢᠢᠨ ᠬᠢᠯᠢᠰ ᠬᠡᠷᠡᠭ ᠢᠶᠡᠷ ᠰᠢᠳᠬᠡᠭ᠍ᠳᠡᠭᠰᠡᠨ ᠪᠣᠯᠬᠤ ᠢᠢ ᠲᠣᠭᠲᠠᠭᠠᠵᠤ ᠴᠠᠭᠠᠳᠬᠠᠭᠰᠠᠨ ᠪᠠᠢᠢᠨ᠎ᠠ᠃