ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋ ᠍ ᠤᠨ ᠤᠷᠢᠯᠭ᠎ᠠ ᠪᠠᠷ ᠲᠤᠰ ᠤᠯᠤᠰ ᠲᠤ ᠲᠥᠷᠥ ᠢᠢᠨ ᠠᠢᠢᠯᠴᠢᠯᠠᠯ ᠬᠢᠬᠦ ᠪᠡᠷ ᠥᠴᠥᠭᠡᠳᠦᠷ ᠰᠢᠨ᠎ᠡ ᠳ᠋ᠧᠯᠢ ᠬᠣᠲᠠᠨ᠎ᠠ ᠬᠦᠷᠦᠯᠴᠡᠨ ᠣᠴᠢᠭᠰᠠᠨ ᠶᠤᠮ᠃
ᠲᠥᠷᠥ ᠢᠢᠨ ᠲᠡᠷᠢᠭᠦᠨ ᠢ ᠥᠨᠥᠳᠥᠷ ᠡᠨᠡᠳᠬᠡᠭ᠌ ᠦᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋ ᠶᠡᠷᠦᠩᠬᠡᠢᠢᠯᠡᠭᠴᠢ ᠢᠢᠨ ᠣᠷᠳᠣᠨ ᠤ ᠶᠣᠰᠣᠯᠠᠯ ᠤᠨ ᠲᠠᠯᠠᠪᠠᠢ ᠳᠤ ᠠᠯᠪᠠᠨ ᠶᠣᠰᠣᠭᠠᠷ ᠤᠭᠲᠤᠵᠤ᠂ ᠡᠨᠡᠳᠬᠡᠭ᠌ ᠤᠯᠤᠰ ᠲᠤ ᠲᠠᠪᠠᠲᠠᠢ ᠮᠣᠷᠢᠯᠠᠬᠤ ᠢᠢ ᠬᠦᠰᠡᠯ᠎ᠡ᠃
ᠤᠭᠲᠤᠬᠤ ᠶᠣᠰᠣᠯᠠᠯ ᠤᠨ ᠦᠶ᠎ᠡ ᠪᠡᠷ ᠬᠣᠶᠠᠷ ᠤᠯᠤᠰ ᠤᠨ ᠲᠥᠷᠥ ᠢᠢᠨ ᠳᠠᠭᠤᠯᠠᠯ ᠡᠭᠡᠰᠢᠭᠯᠡᠵᠦ᠂ ᠶᠡᠷᠦᠩᠬᠡᠢᠢᠯᠡᠭᠴᠢ ᠨᠠᠷ ᠠᠯᠪᠠᠨ ᠶᠣᠰᠣᠨ ᠤ ᠲᠥᠯᠥᠭᠡᠯᠡᠭᠴᠢᠳ ᠢ ᠬᠠᠷᠢᠯᠴᠠᠨ ᠲᠠᠨᠢᠯᠴᠠᠭᠤᠯᠪᠠ᠃
ᠳᠠᠷᠠᠭ᠎ᠠ ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠢᠢᠯᠴᠢᠯᠠᠯ ᠢ ᠰᠤᠷᠪᠤᠯᠵᠢᠯᠠᠵᠤ ᠪᠤᠢ ᠬᠣᠶᠠᠷ ᠤᠯᠤᠰ ᠤᠨ ᠬᠡᠪᠯᠡᠯ᠂ ᠮᠡᠳᠡᠭᠡᠯᠡᠯ ᠦᠨ ᠲᠥᠯᠥᠭᠡᠯᠡᠭᠴᠢᠳ ᠲᠦ ᠬᠠᠨᠳᠤᠨ 《ᠣᠯᠠᠨ ᠮᠢᠩ᠋ᠭᠠᠨ ᠵᠢᠯ ᠦᠨ ᠲᠡᠦᠬᠡ ᠲᠡᠢ᠂ ᠣᠶᠤᠨ ᠰᠠᠨᠠᠭ᠎ᠠ ᠪᠠᠷ ᠢᠶᠠᠨ ᠬᠣᠯᠪᠣᠭᠳᠠᠭᠰᠠᠨ ᠡᠨᠡᠳᠬᠡᠭ᠌ ᠤᠯᠤᠰ ᠲᠤ ᠠᠢᠢᠯᠴᠢᠯᠠᠵᠤ ᠪᠠᠢᠢᠭ᠎ᠠ ᠳᠤ ᠪᠠᠨ ᠪᠠᠶᠠᠷᠲᠠᠢ ᠪᠠᠢᠢᠨ᠎ᠠ᠃
ᠮᠣᠩ᠋ᠭᠣᠯ ᠤᠯᠤᠰ ᠤᠨ ᠠᠩᠬᠠᠨ ᠤ ᠶᠡᠷᠦᠩᠬᠡᠢᠢᠯᠡᠭᠴᠢ ᠫ ∙ ᠸᠴᠢᠷᠪᠠᠲᠤ ᠡᠨᠡᠳᠬᠡᠭ᠌ ᠤᠯᠤᠰ ᠲᠤ ᠠᠢᠢᠯᠴᠢᠯᠠᠵᠤ ᠪᠠᠢᠢᠭᠰᠠᠨ᠃ ᠲᠡᠭᠦᠨ ᠡᠴᠡ ᠬᠣᠢᠢᠰᠢ 2009 ᠣᠨ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠨᠡᠳᠬᠡᠭ᠌ ᠲᠦ᠂ 2015 ᠣᠨ ᠳᠤ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠮᠣᠩ᠋ᠭᠣᠯ ᠤᠯᠤᠰ ᠲᠤ ᠠᠢᠢᠯᠴᠢᠯᠠᠵᠤ ᠪᠠᠢᠢᠭᠰᠠᠨ ᠲᠡᠦᠬᠡ ᠲᠡᠢ᠃ ᠡᠨᠡ ᠤᠳᠠᠭ᠎ᠠ ᠳᠤ ᠮᠢᠨᠦ ᠪᠡᠶ᠎ᠡ ᠡᠨᠡᠳᠬᠡᠭ᠌ ᠤᠯᠤᠰ ᠲᠤ ᠲᠥᠷᠥ ᠢᠢᠨ ᠠᠢᠢᠯᠴᠢᠯᠠᠯ ᠬᠢᠵᠦ ᠪᠠᠢᠢᠭ᠎ᠠ ᠳᠤ ᠪᠠᠨ ᠪᠠᠶᠠᠷᠲᠠᠢ ᠪᠠᠢᠢᠨ᠎ᠠ᠃ ᠡᠳᠡᠭᠡᠷ ᠠᠢᠢᠯᠴᠢᠯᠠᠯ ᠤᠳ ᠨᠢ ᠬᠣᠶᠠᠷ ᠤᠯᠤᠰ ᠤᠨ ᠡᠳ᠋ ᠍ ᠦᠨ ᠵᠠᠰᠠᠭ ᠪᠤᠰᠤᠳ ᠬᠠᠮᠲᠤ ᠢᠢᠨ ᠠᠵᠢᠯᠯᠠᠭ᠎ᠠ ᠢᠢ ᠤᠯᠠᠮ ᠪᠦᠷ ᠪᠡᠬᠢᠵᠢᠭᠦᠯᠬᠦ ᠳᠥ ᠬᠤᠪᠢ ᠨᠡᠮᠡᠷᠢ ᠪᠡᠨ ᠣᠷᠣᠭᠤᠯᠵᠤ ᠪᠠᠢᠢᠭ᠎ᠠ ᠭᠡᠳᠡᠭ ᠲᠥ ᠢᠲᠡᠭᠡᠯ ᠲᠡᠢ ᠪᠠᠢᠢᠨ᠎ᠠ》 ᠭᠡᠰᠡᠨ ᠶᠤᠮ᠃