ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠭᠠᠷ ᠤᠨ ᠪᠣᠬᠢᠷᠳᠠᠯ ᠲᠠᠢ 《ᠣᠨᠴᠠ ᠪᠠᠶᠢᠳᠠᠯ》 ᠵᠠᠷᠯᠠᠨ ᠲᠡᠮᠡᠴᠡᠬᠦ ᠠᠰᠠᠭᠤᠳᠠᠯ ᠢᠶᠠᠷ ᠥᠩᠭᠡᠷᠡᠭᠰᠡᠨ ᠣᠨ ᠤ ᠰᠡᠭᠦᠯ ᠢᠢᠡᠷ ᠪᠤᠶᠤ 12 ᠳ᠋ᠤᠭᠠᠷ ᠰᠠᠷ᠎ᠠ ᠶᠢᠨ 28 ᠍ ᠳᠤ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠠᠯᠪᠠᠨ ᠪᠢᠴᠢᠭ᠌ ᠢᠶᠡᠷ ᠰᠠᠨᠠᠯ ᠬᠦᠷᠭᠡᠭᠦᠯᠦᠭᠰᠡᠨ ᠪᠢᠯᠡ᠃ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠥᠨᠥᠳᠥᠷ ᠦᠨ ᠨᠢᠭᠡᠳᠦᠭᠰᠡᠨ ᠬᠤᠷᠠᠯᠳᠤᠭᠠᠨ ᠢᠶᠠᠷ ᠤᠭ ᠠᠰᠠᠭᠤᠳᠠᠯ ᠢ ᠬᠡᠯᠡᠯᠴᠡᠯ᠎ᠡ᠃ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠴᠢᠭᠤᠯᠭᠠᠨ ᠤ ᠬᠤᠷᠠᠯᠳᠤᠭᠠᠨ ᠳᠤ ᠣᠷᠣᠯᠴᠠᠵᠤ ᠦᠭᠡ ᠬᠡᠯᠡᠭᠰᠡᠨ ᠶᠤᠮ᠃ ᠶᠡᠷᠦᠩᠬᠡᠢᠢᠯᠡᠭᠴᠢ ᠬᠡᠯᠡᠭᠰᠡᠨ ᠦᠭᠡᠨ ᠳᠦ ᠪᠡᠨ 《ᠤᠲᠤᠭᠠᠨ ᠤ ᠠᠰᠠᠭᠤᠳᠠᠯ ᠢ ᠰᠢᠢᠳᠴᠦ ᠴᠢᠳᠠᠬᠤ ᠦᠭᠡᠢ ᠪᠣᠯ ᠴᠠᠭᠠᠨ ᠰᠠᠷ᠎ᠠ ᠶᠢᠨ ᠳᠠᠷᠠᠭ᠎ᠠ ᠤᠯᠤᠰ ᠤᠨ ᠶᠡᠬᠡ ᠬᠤᠷᠠᠯ ᠢ ᠲᠠᠷᠠᠭᠠᠬᠤ ᠲᠠᠯ᠎ᠠ ᠪᠠᠷ ᠰᠠᠨᠠᠭᠠᠴᠢᠯᠠᠭ᠎ᠠ ᠲᠠᠢ ᠠᠵᠢᠯᠯᠠᠨ᠎ᠠ》 ᠭᠡᠳᠡᠭ ᠢ ᠬᠡᠯᠡᠯ᠎ᠡ᠃