Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠬᠣᠭᠣᠷᠣᠨᠳᠣ ᠢᠢᠨ ᠰᠲ᠋ᠷᠠᠲ᠋ᠧᠭᠢ ᠢᠢᠨ ᠲᠦᠩᠰᠢᠯᠡᠯ ᠢ ᠤᠯᠠᠮ ᠪᠡᠬᠢᠵᠢᠭᠦᠯᠬᠦ ᠲᠤᠬᠠᠢ ᠬᠠᠮᠲᠤᠷᠠᠭᠰᠠᠨ ᠮᠡᠳᠡᠭᠳᠡᠯ ᠢ ᠭᠠᠷᠭᠠᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠪᠦᠭᠦᠳᠡ ᠨᠠᠢᠢᠷᠠᠮᠳᠡᠬᠦ ᠡᠨᠡᠳᠬᠡᠭ᠌ ᠤᠯᠤᠰ ᠲᠤ ᠬᠢᠭ᠍ᠰᠡᠨ ᠲᠥᠷᠥ ᠢᠢᠨ ᠠᠢᠢᠯᠴᠢᠯᠠᠯ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ  ᠤᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋᠂ ᠲᠤᠰ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠲᠠᠢ ᠠᠭᠤᠯᠵᠠᠭᠰᠠᠨ ᠠᠭᠤᠯᠵᠠᠯᠲᠠ ᠢᠢᠨ ᠳ᠋ᠦᠩ ᠳᠥ《ᠮᠣᠩ᠋ᠭᠣᠯ ᠂ ᠡᠨᠡᠳᠬᠡᠭ᠌ ᠦᠨ ᠰᠲ᠋ᠷᠠᠲ᠋ᠧᠭᠢ ᠢᠢᠨ ᠲᠦᠩᠰᠢᠯᠡᠯ ᠢ ᠤᠯᠠᠮ ᠪᠡᠬᠢᠵᠢᠭᠦᠯᠬᠦ ᠲᠤᠬᠠᠢ ᠬᠠᠮᠲᠤᠷᠠᠭᠰᠠᠨ ᠮᠡᠳᠡᠭᠳᠡᠯ》 ᠍ ᠢᠢ ᠭᠠᠷᠭᠠᠵᠤ ᠪᠠᠢᠢᠨ᠎ᠠ᠃

ᠮᠣᠩ᠋ᠭᠣᠯ  ᠤᠨ ᠲᠠᠯ᠎ᠠ 《ᠡᠨᠡᠳᠬᠡᠭ᠌᠂ ᠨᠣᠮᠣᠬᠠᠨ ᠳᠠᠯᠠᠢ ᠢᠢᠨ ᠦᠵᠡᠯ ᠰᠠᠨᠠᠭ᠎ᠠ》 ᠍ ᠢ ᠬᠠᠮᠲᠤ ᠢᠢᠨ ᠬᠦᠴᠦᠨ ᠴᠢᠷᠮᠠᠢᠢᠯᠲᠠ ᠳᠤ ᠰᠠᠭᠤᠷᠢᠯᠠᠨ ᠡᠨᠡᠳᠬᠡᠭ᠌᠂ ᠨᠣᠮᠣᠬᠠᠨ ᠳᠠᠯᠠᠢ ᠢᠢᠨ ᠪᠥᠰᠡ ᠨᠤᠲᠤᠭ ᠲᠤ ᠲᠣᠭᠲᠠᠪᠤᠷᠢᠲᠠᠢ ᠪᠠᠢᠢᠳᠠᠯ ᠪᠣᠯᠤᠭᠠᠳ ᠪᠦᠬᠦᠢ ᠯᠠ ᠤᠯᠤᠰ ᠲᠤ ᠬᠦᠷᠲᠡᠭᠡᠮᠵᠢᠲᠡᠢ ᠬᠥᠭ᠍ᠵᠢᠯ ᠴᠡᠴᠡᠭᠯᠡᠯ ᠢ ᠠᠪᠴᠤ ᠢᠷᠡᠬᠦ ᠳᠥ ᠴᠢᠭᠯᠡᠭᠰᠡᠨ ᠬᠡᠮᠡᠨ ᠦᠵᠡᠵᠦ᠂ ᠳᠡᠮᠵᠢᠵᠦ ᠪᠤᠢ ᠢᠢ ᠪᠠᠨ ᠢᠯᠡᠷᠬᠡᠢᠢᠯᠡᠪᠡ᠃ ᠮᠥᠨ ᠬᠤᠪᠢᠰᠤᠨ ᠥᠭᠡᠷᠡᠴᠢᠯᠡᠭᠳᠡᠵᠦ ᠪᠤᠢ ᠡᠨᠡᠳᠬᠡᠭ᠌᠂ ᠨᠣᠮᠣᠬᠠᠨ ᠳᠠᠯᠠᠢ ᠢᠢᠨ ᠪᠥᠰᠡ ᠨᠤᠲᠤᠭ ᠳᠠᠬᠢ ᠢᠨ᠋ᠲ᠋ᠧᠭᠷᠠᠼᠴᠢᠯᠠᠯ᠂ ᠲᠡᠭᠦᠨ ᠦ ᠳᠣᠲᠣᠷ᠎ᠠ ᠵᠡᠭᠦᠨ ᠠᠽᠢᠶ᠎ᠠ ᠢᠢᠨ ᠳᠡᠭᠡᠳᠦ ᠲᠦᠪᠰᠢᠨ ᠦ ᠠᠭᠤᠯᠵᠠᠯᠲᠠ ᠳᠤ ᠢᠳᠡᠪᠬᠢᠲᠡᠢ ᠤᠷᠤᠯᠴᠠᠬᠤ ᠰᠣᠨᠢᠷᠬᠠᠯ᠎ᠠ ᠨᠣᠲᠠᠯᠠᠪᠠ᠃

ᠲᠠᠯ᠎ᠠ ᠨᠤᠭᠤᠳ ᠴᠢᠯᠦᠭᠡᠲᠡᠢ᠂ ᠨᠡᠭᠡᠭᠡᠯᠲᠡᠲᠡᠢ᠂ ᠬᠥᠭ᠍ᠵᠢᠩᠭᠦᠢ ᠪᠥᠭᠡᠳ ᠬᠦᠷᠲᠡᠭᠡᠮᠵᠢᠲᠡᠢ ᠡᠨᠡᠳᠬᠡᠭ᠌᠂ ᠨᠣᠮᠣᠬᠠᠨ ᠳᠠᠯᠠᠢ ᠢᠢᠨ ᠪᠥᠰᠡ ᠨᠤᠲᠤᠭ ᠨᠢ ᠲᠤᠰ ᠪᠥᠰᠡ ᠨᠤᠲᠤᠭ ᠤᠨ ᠪᠦᠬᠦ ᠣᠷᠣᠨ ᠤ ᠲᠡᠳᠦᠢ ᠦᠭᠡᠢ ᠳᠡᠯᠡᠬᠡᠢ ᠳᠠᠬᠢᠨ ᠤ ᠤᠷᠲᠤ ᠬᠤᠭᠤᠴᠠᠭᠠᠨ ᠤ ᠡᠷᠬᠡ ᠠᠰᠢᠭ ᠲᠤ ᠨᠡᠢᠢᠴᠡᠨ᠎ᠡ ᠭᠡᠳᠡᠭ ᠲᠥ ᠰᠠᠨᠠᠯ ᠨᠢᠭᠡᠳᠪᠡ᠃

ᠴᠡᠷᠢᠭ ᠦᠨ ᠪᠤᠴᠠᠯᠲᠠ ᠦᠭᠡᠢ ᠲᠤᠰᠠᠯᠠᠮᠵᠢ ᠦᠵᠡᠭᠦᠯᠬᠦ᠂ ᠪᠠᠲᠤᠯᠠᠨ ᠬᠠᠮᠠᠭᠠᠯᠠᠬᠤ ᠰᠠᠯᠪᠤᠷᠢ ᠢᠢᠨ ᠠᠵᠢᠯᠲᠠᠨ᠂ ᠠᠯᠪᠠᠨ ᠬᠠᠭᠠᠭᠴᠢᠳ ᠢ ᠰᠤᠷᠭᠠᠬᠤ ᠵᠡᠷᠭᠡ ᠪᠡᠷ ᠮᠣᠩ᠋ᠭᠣᠯ  ᠤᠨ ᠵᠡᠪᠰᠡᠭᠲᠦ ᠬᠦᠴᠦᠨ ᠦ ᠴᠢᠳᠠᠪᠬᠢ ᠢᠢ ᠪᠡᠬᠢᠵᠢᠭᠦᠯᠬᠦ ᠳᠥ ᠡᠨᠡᠳᠬᠡᠭ᠌ ᠦᠨ ᠲᠠᠯ᠎ᠠ ᠠᠴᠠ ᠳᠡᠮᠵᠢᠯᠭᠡ ᠲᠤᠰᠠᠯᠠᠯᠴᠠᠭ᠎ᠠ ᠦᠵᠡᠭᠦᠯᠵᠦ ᠪᠠᠢᠢᠭᠠᠳ ᠮᠣᠩ᠋ᠭᠣᠯ  ᠤᠨ ᠲᠠᠯ᠎ᠠ ᠲᠠᠯᠠᠷᠬᠠᠯ ᠢᠯᠡᠷᠬᠡᠢᠢᠯᠡᠪᠡ᠃ ᠡᠩᠬᠡ ᠢᠢ ᠰᠠᠬᠢᠭᠤᠯᠬᠤ ᠴᠢᠭᠯᠡᠯ ᠳ᠋ᠡᠬᠢ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ ᠰᠣᠨᠢᠷᠬᠠᠯ᠎ᠠ ᠮᠣᠩ᠋ᠭᠣᠯ  ᠤᠨ ᠲᠠᠯ᠎ᠠ ᠢᠯᠡᠷᠬᠡᠢᠢᠯᠡᠪᠡ᠃

ᠡᠨᠡᠳᠬᠡᠭ᠌ ᠦᠨ ᠲᠠᠯ᠎ᠠ ᠲᠦᠭᠦᠬᠡᠢ ᠡᠳ᠋ ᠍ ᠦᠨ ᠲᠡᠭᠡᠭᠡᠪᠦᠷᠢᠯᠡᠯᠲᠡ ᠢᠢᠨ ᠠᠷᠭ᠎ᠠ ᠬᠡᠷᠡᠭᠰᠡᠯ ᠢ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠢᠢᠨ ᠪᠦᠲᠦᠭᠡᠨ ᠪᠠᠢᠢᠭᠤᠯᠤᠯᠲᠠ ᠳᠠᠭᠤᠰᠬᠠᠪᠤᠷᠢ ᠪᠣᠯᠬᠤ ᠠᠴᠠ ᠡᠮᠦᠨ᠎ᠡ ᠡᠴᠦᠰᠯᠡᠭᠰᠡᠨ ᠪᠠᠢᠢᠬᠤ ᠨᠢ ᠴᠢᠬᠤᠯᠠ ᠪᠣᠯᠬᠤ ᠢᠢ ᠳᠠᠬᠢᠨ ᠣᠨᠴᠠᠯᠠᠪᠠ᠃ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠢᠢᠨ ᠨᠠᠷᠢᠪᠴᠢᠯᠠᠭᠰᠠᠨ ᠲᠧᠭᠨᠢᠭ ᠡᠳ᠋ ᠍ ᠦᠨ ᠵᠠᠰᠠᠭ ᠤᠨ ᠦᠨᠳᠦᠰᠦᠯᠡᠯ ᠳᠥ ᠲᠤᠰᠬᠠᠭᠳᠠᠭᠰᠠᠨ ᠤ ᠳᠠᠭᠠᠭᠤ ᠲᠤᠰ ᠲᠥᠰᠥᠯ ᠢ ᠠᠮᠵᠢᠯᠲᠠ ᠲᠠᠢ ᠬᠡᠷᠡᠭᠵᠢᠭᠦᠯᠬᠦ ᠳᠥ ᠲᠦᠭᠦᠬᠡᠢ ᠡᠳ᠋ ᠲᠡᠭᠡᠭᠡᠪᠦᠷᠢᠯᠡᠯᠲᠡ ᠢᠢᠨ ᠠᠷᠭ᠎ᠠ ᠬᠡᠷᠡᠭᠰᠡᠯ ᠢ ᠡᠴᠦᠰᠯᠡᠨ ᠰᠢᠢᠳᠪᠦᠷᠢᠯᠡᠵᠦ ᠠᠰᠢᠭᠯᠠᠯᠲᠠ ᠳᠤ ᠣᠷᠣᠭᠤᠯᠤᠭᠰᠠᠨ ᠪᠠᠢᠢᠬᠤ ᠨᠢ ᠨᠡᠩ ᠴᠢᠬᠤᠯᠠ ᠭᠡᠳᠡᠭ ᠲᠥ ᠮᠣᠩ᠋ᠭᠣᠯ  ᠤᠨ ᠲᠠᠯ᠎ᠠ ᠰᠠᠨᠠᠯ ᠨᠢᠭᠡᠳᠪᠡ᠃

ᠲᠠᠯ᠎ᠠ ᠨᠤᠭᠤᠳ ᠡᠨᠡᠬᠦ ᠲᠥᠰᠥᠯ ᠨᠢ ᠮᠣᠩ᠋ᠭᠣᠯ ᠤᠯᠤᠰ ᠤᠨ ᠡᠷᠴᠢᠮ ᠬᠦᠴᠦᠨ ᠦ ᠠᠶᠤᠯ ᠦᠭᠡᠢ ᠪᠠᠢᠢᠳᠠᠯ ᠪᠣᠯᠤᠨ ᠡᠳ᠋ ᠍ ᠦᠨ ᠵᠠᠰᠠᠭ ᠤᠨ ᠥᠰᠦᠯᠲᠡ ᠢᠢ ᠬᠠᠩ᠋ᠭᠠᠬᠤ ᠳᠤ ᠲᠣᠮᠣᠬᠠᠨ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠰᠠᠨᠠᠯ ᠨᠢᠭᠡᠳᠪᠡ᠃

ᠬᠣᠶᠠᠷ ᠣᠷᠣᠨ ᠤ ᠬᠣᠭᠣᠷᠣᠨᠳᠣᠬᠢ ᠰᠤᠶᠤᠯ ᠢᠷᠭᠡᠨᠰᠢᠯ ᠦᠨ ᠬᠡᠯᠬᠢᠶ᠎ᠡ ᠬᠣᠯᠪᠣᠭ᠎ᠠ ᠢᠢ ᠲᠣᠳᠣᠷᠬᠠᠢᠢᠯᠠᠬᠤ ᠰᠤᠳᠤᠯᠭ᠎ᠠ ᠬᠢᠵᠦ᠂ ᠳᠡᠯᠡᠬᠡᠢ ᠳᠠᠬᠢᠨ ᠳᠤ ᠰᠤᠷᠲᠠᠯᠴᠢᠯᠠᠬᠤ ᠪᠠᠷ ᠬᠣᠶᠠᠷ ᠲᠠᠯ᠎ᠠ ᠲᠣᠬᠢᠷᠠᠪᠠ᠃