Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠺᠠᠷᠨᠠᠲ᠋ᠠᠺᠠ ᠮᠤᠵᠢ ᠢᠢᠨ ᠵᠠᠬᠢᠷᠤᠭᠴᠢ ᠸᠠᠵᠤᠢᠪᠬᠠᠢ ᠷᠦᠪᠠᠳ᠋ᠬᠠᠢ ᠪᠠᠷᠠᠭᠠᠯᠬᠠᠪᠠ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠳᠦ ᠠᠢᠢᠯᠴᠢᠯᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠮᠡᠳᠡᠭᠡᠯᠡᠯ ᠦᠨ ᠲᠧᠭᠨᠣᠯᠣᠭᠢ᠂ ᠡᠷᠴᠢᠮ ᠬᠦᠴᠦ᠂ ᠰᠠᠨᠰᠠᠷ ᠰᠤᠳᠤᠯᠤᠯ ᠵᠡᠷᠭᠡ ᠪᠠᠢᠢᠭᠤᠯᠤᠯᠭ᠎ᠠ ᠢᠢᠨ ᠦᠢᠯᠡ ᠠᠵᠢᠯᠯᠠᠭ᠎ᠠ ᠲᠠᠢ ᠲᠠᠨᠢᠯᠴᠠᠵᠤ᠂ ᠠᠯᠪᠠᠨ ᠤ ᠬᠦᠮᠦᠰ ᠲᠡᠢ ᠠᠭᠤᠯᠵᠠᠬᠤ ᠪᠠᠷ ᠡᠨᠡᠳᠬᠡᠭ᠌ ᠦᠨ ᠪᠧᠩᠠᠯᠤᠢᠷᠤ ᠬᠣᠲᠠ ᠳᠤ ᠬᠦᠷᠦᠯᠴᠡᠨ ᠢᠷᠡᠯ᠎ᠡ᠃

ᠲᠥᠷᠥ ᠢᠢᠨ ᠲᠡᠷᠢᠭᠦᠨ ᠢ ᠬᠦᠷᠦᠯᠴᠡᠨ ᠢᠷᠡᠭᠰᠡᠨ ᠲᠡᠢ ᠬᠣᠯᠪᠣᠭᠳᠠᠭᠤᠯᠤᠨ ᠺᠠᠷᠨᠠᠲ᠋ᠠᠺᠠ ᠮᠤᠵᠢ ᠢᠢᠨ ᠵᠠᠬᠢᠷᠤᠭᠴᠢ ᠸᠠᠵᠤᠢᠪᠬᠠᠢ ᠷᠦᠪᠠᠳ᠋ᠬᠠᠢ ᠪᠠᠷᠠᠭᠠᠯᠬᠠᠵᠤ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠍ᠳᠦ ᠠᠢᠢᠯᠴᠢᠯᠠᠵᠤ ᠬᠣᠶᠠᠷ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠡᠬᠢᠵᠢᠭᠦᠯᠬᠦ ᠳᠥ ᠦᠨᠡᠲᠡᠢ ᠬᠤᠪᠢ ᠨᠡᠮᠡᠷᠢ ᠣᠷᠣᠭᠤᠯᠵᠤ ᠪᠤᠢ ᠳᠤ ᠲᠠᠯᠠᠷᠬᠠᠯ ᠢᠯᠡᠷᠬᠡᠢᠢᠯᠡᠪᠡ᠃

ᠨᠣᠶᠠᠨ ᠸᠠᠵᠤᠢᠪᠬᠠᠢ ᠷᠦᠪᠠᠳ᠋ᠬᠠᠢ ᠮᠣᠩ᠋ᠭᠣᠯ ᠤᠯᠤᠰ ᠠᠴᠠ ᠣᠯᠠᠨ ᠯᠠᠮᠠ ᠺᠠᠷᠨᠠᠲ᠋ᠠᠺᠠ ᠮᠤᠵᠢ ᠢᠢᠨ ᠭᠣᠮᠣᠨ ᠱᠠᠰᠢᠨ ᠤ ᠰᠤᠷᠭᠠᠭᠤᠯᠢ ᠳᠤ ᠱᠠᠪᠢᠯᠠᠨ ᠰᠤᠷᠤᠯᠴᠠᠳᠠᠭ ᠲᠠᠯ᠎ᠠ ᠪᠠᠷ ᠳᠤᠷᠠᠳᠤᠭᠠᠳ᠂ ᠪᠤᠰᠤᠳ ᠰᠠᠯᠪᠤᠷᠢ ᠳᠤ ᠢᠯᠠᠩ᠋ᠭᠤᠶ᠎ᠠ ᠮᠡᠳᠡᠭᠡᠯᠡᠯ ᠦᠨ ᠲᠧᠭᠨᠣᠯᠣᠭᠢ ᠢᠢᠨ ᠴᠢᠭᠯᠡᠯ ᠢᠶᠡᠷ ᠮᠣᠩ᠋ᠭᠣᠯ ᠤᠯᠤᠰ ᠠᠴᠠ ᠣᠶᠤᠲᠠᠨ ᠨᠤᠭᠤᠳ ᠲᠤᠰ ᠬᠣᠲᠠ ᠳᠤ ᠰᠤᠷᠤᠯᠴᠠᠬᠤ ᠪᠣᠯᠤᠮᠵᠢ᠂ ᠨᠥᠬᠥᠴᠡᠯ ᠦᠨ ᠲᠠᠯ᠎ᠠ ᠪᠠᠷ ᠰᠠᠨᠠᠯ ᠰᠣᠯᠢᠯᠴᠠᠯ᠎ᠠ᠃ ᠤᠴᠢᠷ ᠨᠢ᠂ ᠪᠧᠩᠠᠯᠤᠢᠷᠤ ᠬᠣᠲᠠ ᠨᠢ ᠡᠨᠡᠳᠬᠡᠭ᠌ ᠦᠨ ᠲᠡᠳᠦᠢ ᠦᠭᠡᠢ ᠠᠮᠧᠷᠢᠺᠠ ᠢᠢᠨ ᠨᠢᠭᠡᠳᠦᠭᠰᠡᠨ ᠤᠯᠤᠰ ᠤᠨ ᠴᠠᠬᠢᠭᠤᠷ ᠤᠨ ᠬᠥᠨᠳᠡᠢ ᠲᠡᠢ ᠳᠦᠢᠬᠦ ᠬᠡᠮᠵᠢᠶᠡᠨ ᠦ ᠨᠥᠭᠡᠴᠡ ᠪᠣᠯᠤᠮᠵᠢ᠂ ᠲᠧᠭᠨᠣᠯᠣᠭᠢ ᠢᠢᠨ ᠴᠢᠳᠠᠯ ᠲᠠᠢ ᠲᠤᠯᠠ ᠰᠤᠷᠭᠠᠯᠲᠠ ᠨᠢ ᠲᠡᠷᠡ ᠬᠢᠷᠢ ᠪᠡᠷ ᠬᠥᠭ᠍ᠵᠢᠭᠰᠡᠨ ᠲᠠᠯ᠎ᠠ ᠪᠠᠷ ᠮᠤᠵᠢ ᠢᠢᠨ ᠵᠠᠬᠢᠷᠤᠭᠴᠢ ᠲᠠᠨᠢᠯᠴᠠᠭᠤᠯᠤᠭᠰᠠᠨ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠣᠯᠪᠠᠰᠤᠷᠠᠯ ᠤᠨ ᠬᠠᠷᠢᠯᠴᠠᠭᠠᠨ ᠤ ᠠᠰᠠᠭᠤᠳᠠᠯ ᠢ ᠬᠥᠨᠳᠡᠨ ᠶᠠᠷᠢᠭᠰᠠᠨ ᠳᠤ ᠲᠠᠯᠠᠷᠬᠠᠯ ᠢᠯᠡᠷᠬᠡᠢᠢᠯᠡᠭᠡᠳ᠂ ᠠᠢᠢᠯᠴᠢᠯᠠᠯ ᠤᠨ ᠦᠶ᠎ᠡ ᠪᠡᠷ ᠮᠡᠳᠡᠭᠡᠯᠡᠯ ᠦᠨ ᠲᠧᠭᠨᠣᠯᠣᠭᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠠᠰᠠᠭᠤᠳᠠᠯ ᠢᠶᠠᠷ ᠶᠠᠷᠢᠶ᠎ᠠ᠂ ᠬᠡᠯᠡᠯᠴᠡᠭᠡᠷ ᠲᠥ ᠬᠦᠷᠦᠭᠰᠡᠨ ᠲᠤᠯᠠ ᠡᠨᠡ ᠴᠢᠭᠯᠡᠯ ᠳᠥ ᠬᠠᠮᠲᠤᠷᠠᠨ ᠠᠵᠢᠯᠯᠠᠬᠤ ᠳᠤ ᠪᠠᠨ ᠲᠠᠭᠠᠲᠠᠢ ᠪᠤᠢ ᠢᠢ ᠪᠠᠨ ᠢᠯᠡᠷᠬᠡᠢᠢᠯᠡᠯ᠎ᠡ᠃

ᠠᠭᠤᠯᠵᠠᠯᠲᠠ ᠢᠢᠨ ᠦᠶ᠎ᠡ ᠪᠡᠷ ᠲᠠᠯ᠎ᠠ ᠨᠤᠭᠤᠳ ᠺᠠᠷᠨᠠᠲ᠋ᠠᠺᠠ ᠮᠤᠵᠢ᠂ ᠪᠧᠩᠠᠯᠤᠢᠷᠤ ᠬᠣᠲᠠ ᠲᠠᠢ ᠬᠠᠮᠲᠤᠷᠠᠨ ᠠᠵᠢᠯᠯᠠᠬᠤ ᠪᠤᠰᠤᠳ ᠪᠣᠯᠤᠮᠵᠢ᠂ ᠰᠠᠯᠪᠤᠷᠢ ᠢᠢᠨ ᠲᠠᠯ᠎ᠠ ᠪᠠᠷ ᠰᠠᠨᠠᠯ ᠰᠣᠯᠢᠯᠴᠠᠵᠤ᠂ ᠳᠡᠯᠭᠡᠷᠡᠩᠭᠦᠢ ᠶᠠᠷᠢᠯᠴᠠᠯ᠎ᠠ᠃