ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠳᠦ ᠠᠢᠢᠯᠴᠢᠯᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠰᠠᠨᠰᠠᠷ ᠰᠤᠳᠤᠯᠤᠯ ᠤᠨ ᠪᠠᠢᠢᠭᠤᠯᠤᠯᠭ᠎ᠠ ᠳᠤ ᠵᠣᠴᠢᠯᠠᠯ᠎ᠠ᠃
ᠡᠨᠡᠳᠬᠡᠭ᠌ ᠦᠨ ᠰᠠᠨᠰᠠᠷ ᠰᠤᠳᠤᠯᠤᠯ ᠤᠨ ᠪᠠᠢᠢᠭᠤᠯᠤᠯᠭ᠎ᠠ 1960 ᠍ ᠊ᠭᠠᠳ ᠣᠨ ᠠᠴᠠ ᠡᠬᠢᠯᠡᠯ ᠲᠡᠢ ᠪᠥᠭᠡᠳ 1990 ᠣᠨ ᠭᠡᠬᠦ ᠳᠥ ᠳᠡᠯᠡᠬᠡᠢ ᠳᠥ ᠲᠡᠷᠢᠭᠦᠯᠡᠬᠦ ᠰᠠᠨᠰᠠᠷ ᠰᠤᠳᠤᠯᠤᠯ ᠤᠨ ᠲᠣᠮᠣᠬᠠᠨ ᠳᠡᠳ᠋ ᠪᠦᠲᠦᠴᠡ ᠢᠢ ᠪᠤᠢ ᠪᠣᠯᠭᠠᠵᠤ ᠴᠢᠳᠠᠭᠰᠠᠨ ᠶᠤᠮ᠃
ᠡᠨᠡᠳᠬᠡᠭ᠌ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ 2022 ᠣᠨ ᠭᠡᠬᠦ ᠳᠥ ᠥᠪᠡᠷᠰᠡᠳ ᠦᠨ ᠪᠦᠲᠦᠭᠡᠭ᠍ᠰᠡᠨ ᠵᠢᠯᠣᠭᠣᠳᠤᠯᠭᠠᠳᠤ ᠬᠥᠯᠭᠡ ᠪᠡᠨ ᠭᠤᠷᠪᠠᠨ ᠨᠢᠰᠦᠭᠴᠢ ᠲᠡᠢ ᠬᠦᠭᠡᠷᠭᠡᠬᠦ ᠲᠣᠮᠣᠬᠠᠨ ᠠᠮᠪᠢᠼᠠ ᠲᠠᠢ ᠭᠡᠳᠡᠭ ᠢᠶᠡᠨ ᠵᠠᠷᠯᠠᠭᠰᠠᠨ ᠪᠥᠭᠡᠳ ᠭᠠᠭᠠᠨᠢᠶᠠᠨ ᠵᠢᠯᠣᠭᠣᠳᠤᠯᠭᠠᠳᠤ ᠬᠥᠯᠭᠡ ᠢᠢ ᠲᠣᠪᠯᠠᠭᠰᠠᠨ ᠬᠤᠭᠤᠴᠠᠭᠠᠨ ᠳᠤ ᠬᠥᠭᠡᠷᠭᠡᠬᠦ ᠪᠡᠷ ᠡᠷᠴᠢᠮ ᠲᠡᠢ ᠠᠵᠢᠯᠯᠠᠵᠤ ᠪᠠᠢᠢᠭ᠎ᠠ ᠲᠠᠯ᠎ᠠ ᠪᠠᠷ ᠰᠠᠨᠰᠠᠷ ᠰᠤᠳᠤᠯᠤᠯ ᠤᠨ ᠪᠠᠢᠢᠭᠤᠯᠤᠯᠭ᠎ᠠ ᠢᠢᠨ ᠳᠠᠷᠤᠭ᠎ᠠ ᠺ ∙ ᠰᠢᠸᠠᠨ ᠲᠠᠨᠢᠯᠴᠠᠭᠤᠯᠤᠯ᠎ᠠ᠃
ᠮᠥᠨ ᠥᠨᠥᠳᠥᠷ ᠦᠨ ᠪᠠᠢᠢᠳᠠᠯ ᠢᠶᠠᠷ ᠬᠠᠷᠢᠯᠴᠠᠭ᠎ᠠ ᠬᠣᠯᠪᠣᠭᠠᠨ ᠤ 17᠂ ᠰᠤᠳᠤᠯᠭ᠎ᠠ ᠰᠢᠨᠵᠢᠯᠡᠭᠡᠨ ᠦ 21᠂ ᠨᠠᠪᠢᠭᠠᠼ ᠤᠨ 8᠂ ᠰᠠᠨᠰᠠᠷ ᠤᠨ ᠰᠢᠨᠵᠢᠯᠡᠬᠦ ᠤᠬᠠᠭᠠᠨ ᠤ 3 ᠬᠢᠮᠡᠯ ᠳᠠᠭᠠᠭᠤᠯᠢ ᠬᠥᠭᠡᠷᠭᠡᠭ᠍ᠰᠡᠨ ᠲᠤᠯᠠ ᠰᠠᠨᠰᠠᠷ ᠤᠨ ᠠᠭᠤᠳᠠᠮ ᠳᠤ ᠠᠵᠢᠯᠯᠠᠬᠤ ᠲᠤᠷᠰᠢᠯᠭ᠎ᠠ᠂ ᠮᠡᠳᠡᠯᠭᠡ ᠪᠡᠨ ᠬᠠᠷᠠᠮ ᠦᠭᠡᠢ ᠬᠤᠪᠢᠶᠠᠯᠴᠠᠵᠤ ᠬᠠᠮᠲᠤᠷᠠᠨ ᠠᠵᠢᠯᠯᠠᠬᠤ ᠳᠤ ᠪᠠᠨ ᠲᠠᠭᠠᠲᠠᠢ ᠪᠠᠢᠢᠨ᠎ᠠ ᠭᠡᠯᠡ᠃
ᠲᠤᠰ ᠪᠠᠢᠢᠭᠤᠯᠤᠯᠭ᠎ᠠ ᠠᠴᠠ ᠶᠠᠪᠤᠭᠤᠯᠳᠠᠭ ᠰᠤᠷᠭᠠᠯᠲᠠ ᠳᠤ ᠥᠨᠥᠳᠥᠷ ᠢ ᠬᠦᠷᠲᠡᠯ᠎ᠡ 242 ᠮᠣᠩ᠋ᠭᠣᠯ ᠬᠦᠮᠦᠨ ᠬᠠᠮᠤᠷᠤᠭᠳᠠᠭᠰᠠᠨ ᠤ 50 ᠍ ᠠᠴᠠ ᠢᠯᠡᠭᠦᠦ ᠬᠤᠪᠢ ᠨᠢ ᠡᠮᠡᠭᠲᠡᠢᠢᠴᠦᠳ ᠪᠠᠢᠢᠭᠰᠠᠨ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠠᠢᠢᠯᠴᠢᠯᠠᠯ ᠤᠨ ᠦᠶ᠎ᠡ ᠪᠡᠷ ᠵᠢᠷᠤᠭᠳᠠᠭᠰᠠᠨ ᠴᠢᠬᠤᠯᠠ ᠪᠠᠷᠢᠮᠲᠠ ᠪᠢᠴᠢᠭ᠌ ᠦᠳ ᠦᠨ ᠨᠢᠭᠡ ᠨᠢ ᠰᠠᠨᠰᠠᠷ ᠤᠨ ᠠᠭᠤᠳᠠᠮ ᠢ ᠡᠩᠬᠡ ᠢᠢᠨ ᠵᠣᠷᠢᠯᠭ᠎ᠠ ᠪᠠᠷ ᠰᠤᠳᠤᠯᠬᠤ᠂ ᠠᠰᠢᠭᠯᠠᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠲᠤᠬᠠᠢ ᠬᠡᠯᠡᠯᠴᠡᠭᠡᠷ ᠪᠠᠢᠢᠭᠰᠠᠨ ᠭᠡᠳᠡᠭ ᠢ ᠲᠣᠳᠣᠳᠬᠠᠵᠤ᠂ ᠬᠡᠯᠡᠯᠴᠡᠭᠡᠷ ᠲᠦ ᠲᠤᠯᠭᠠᠭᠤᠷᠢᠯᠠᠨ ᠢᠯᠡᠭᠦᠦ ᠣᠢᠢᠷ᠎ᠠ ᠳᠣᠲᠣᠨᠣ ᠬᠠᠷᠢᠯᠴᠠᠭ᠎ᠠ ᠲᠠᠢ ᠠᠵᠢᠯᠯᠠᠬᠤ ᠢᠢ ᠨᠣᠶᠠᠨ ᠺ ∙ ᠰᠢᠸᠠᠨ ᠠᠴᠠ ᠬᠦᠰᠡᠭᠰᠡᠨ ᠶᠤᠮ᠃
ᠮᠥᠨ ᠮᠣᠩ᠋ᠭᠣᠯ ᠤᠯᠤᠰ ᠨᠢ ᠰᠠᠨᠰᠠᠷ ᠤᠨ ᠰᠠᠯᠪᠤᠷᠢ ᠳᠤ ᠰᠢᠨ᠎ᠡ ᠲᠣᠭᠯᠠᠭᠴᠢ ᠪᠢᠰᠢ᠂ ᠣᠯᠠᠨ ᠵᠢᠯ ᠦᠨ ᠲᠡᠦᠬᠡ ᠲᠡᠢ ᠭᠡᠳᠡᠭ ᠢ ᠬᠡᠯᠡᠵᠦ ᠠᠮᠧᠷᠢᠺᠠ ᠢᠢᠨ ᠨᠢᠭᠡᠳᠦᠭᠰᠡᠨ ᠤᠯᠤᠰ ᠢᠢᠨ NASA᠂ ᠣᠷᠣᠰ ᠤᠨ ᠬᠣᠯᠪᠣᠭᠠᠨ ᠤ ᠤᠯᠤᠰ ᠤᠨ ᠷᠣᠰᠺᠣᠰᠮᠣᠰ ᠵᠡᠷᠭᠡ ᠲᠣᠮᠣᠬᠠᠨ ᠰᠠᠨᠰᠠᠷ ᠰᠤᠳᠤᠯᠤᠯ ᠤᠨ ᠲᠥᠪ ᠦᠳ ᠲᠡᠢ ᠬᠠᠮᠲᠤ ᠢᠢᠨ ᠠᠵᠢᠯᠯᠠᠭ᠎ᠠ ᠢᠢ ᠪᠠᠨ ᠢᠳᠡᠪᠬᠢᠵᠢᠭᠦᠯᠵᠦ ᠪᠠᠢᠢᠭ᠎ᠠ ᠲᠤᠬᠠᠢ ᠶᠠᠷᠢᠯᠴᠠᠯ᠎ᠠ᠃