Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠲᠤ ᠲᠣᠮᠢᠯᠠᠭᠳᠠᠨ ᠢᠷᠡᠵᠦ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢᠨ ᠵᠣᠬᠢᠴᠠᠭᠤᠯᠤᠭᠴᠢ ᠢᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠲᠤ ᠥᠩᠭᠡᠷᠡᠭᠰᠡᠨ ᠰᠠᠷ᠎ᠠ ᠳᠤ ᠲᠣᠮᠢᠯᠠᠭᠳᠠᠨ ᠢᠷᠡᠭᠰᠡᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠰᠢᠷᠠ ᠢᠢ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2003 ᠣᠨ ᠠᠴᠠ ᠬᠣᠢᠢᠰᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠳᠥ ᠠᠵᠢᠯᠯᠠᠵᠤ᠂ ᠰᠡᠭᠦᠯ ᠦᠨ ᠵᠢᠯ ᠦᠳ ᠲᠥ ᠵᠡᠭᠦᠨ ᠬᠣᠢᠢᠳᠤ ᠠᠽᠢᠶ᠎ᠠ ᠳᠤ ᠠᠵᠢᠯᠯᠠᠵᠤ ᠪᠠᠢᠢᠭᠰᠠᠨ ᠪᠤᠶᠤ ᠪᠥᠰᠡ ᠨᠤᠲᠤᠭ ᠤᠨ ᠨᠥᠬᠥᠴᠡᠯ ᠪᠠᠢᠢᠳᠠᠯ ᠤᠨ ᠲᠠᠯ᠎ᠠ ᠪᠠᠷ ᠮᠡᠳᠡᠯᠭᠡ ᠲᠡᠢ ᠬᠦᠮᠦᠨ ᠮᠠᠨ ᠤ ᠤᠯᠤᠰ ᠲᠤ ᠲᠣᠮᠢᠯᠠᠭᠳᠠᠨ ᠢᠷᠡᠭᠰᠡᠨ ᠳᠥ ᠲᠠᠭᠠᠲᠠᠢ ᠪᠠᠢᠢᠭ᠎ᠠ ᠪᠠᠨ ᠢᠯᠡᠷᠬᠡᠢᠢᠯᠡᠭᠰᠡᠨ ᠶᠤᠮ᠃

ᠮᠥᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠮᠣᠩ᠋ᠭᠣᠯ ᠤᠯᠤᠰ ᠤᠨ ᠬᠥᠭ᠍ᠵᠢᠯ ᠦᠨ ᠪᠣᠳᠣᠯᠭ᠎ᠠ ᠢᠢ ᠲᠤᠭᠤᠰᠢᠲᠠᠢ ᠳᠡᠮᠵᠢᠵᠦ ᠢᠷᠡᠭᠰᠡᠨ ᠳᠥ ᠲᠠᠯᠠᠷᠬᠠᠯ ᠢᠯᠡᠷᠬᠡᠢᠢᠯᠡᠭᠡᠳ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ ᠳᠥ ᠮᠣᠩ᠋ᠭᠣᠯ ᠤᠯᠤᠰ ᠵᠠᠭᠪᠤᠷ ᠤᠯᠤᠰ ᠪᠣᠯᠬᠤ᠂ ᠣᠯᠠᠨ ᠰᠠᠯᠪᠤᠷᠢ ᠳᠤ ᠮᠠᠩᠯᠠᠢᠢᠯᠠᠬᠤ ᠪᠣᠯᠤᠮᠵᠢ ᠲᠠᠢ ᠭᠡᠵᠦ ᠦᠵᠡᠵᠦ ᠪᠤᠢ ᠢᠢ ᠪᠠᠨ ᠬᠡᠯᠡᠵᠦ᠂ ᠡᠨᠡ ᠠᠰᠠᠭᠤᠳᠠᠯ ᠢᠶᠠᠷ ᠳᠡᠯᠭᠡᠷᠡᠩᠭᠦᠢ ᠶᠠᠷᠢᠯᠴᠠᠯ᠎ᠠ᠃

ᠨᠣᠶᠠᠨ ᠲᠠᠫᠠᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠲᠣᠭᠲᠠᠪᠤᠷᠢᠲᠠᠢ ᠬᠥᠭ᠍ᠵᠢᠯ ᠦᠨ ᠠᠰᠠᠭᠤᠳᠠᠯ ᠢᠢᠠᠷ ᠬᠢ ᠤᠯᠤᠰ ᠲᠥᠷᠦ ᠢᠢᠨ ᠥᠨᠳᠦᠷ ᠲᠦᠪᠰᠢᠨ ᠦ ᠴᠢᠭᠤᠯᠭ᠎ᠠ ᠠᠭᠤᠯᠵᠠᠯᠲᠠ ᠢᠢᠨ ᠦᠶ᠎ᠡ ᠪᠡᠷ ᠮᠣᠩ᠋ᠭᠣᠯ ᠤᠯᠤᠰ ᠲᠣᠭᠲᠠᠪᠤᠷᠢᠲᠠᠢ ᠬᠥᠭ᠍ᠵᠢᠯ ᠦᠨ ᠠᠰᠠᠭᠤᠳᠠᠯ ᠢᠢᠠᠷ ᠬᠢ 2030 ᠣᠨ ᠬᠦᠷᠲᠡᠯᠡᠬᠢ ᠦᠨᠳᠦᠰᠦᠨ ᠦ ᠰᠠᠢᠢᠨ ᠳᠤᠷ᠎ᠠ ᠢᠢᠨ ᠢᠯᠡᠳᠬᠡᠯ ᠢᠶᠡᠨ ᠲᠠᠨᠢᠯᠴᠠᠭᠤᠯᠤᠭᠰᠠᠨ ᠨᠢ ᠮᠠᠰᠢ ᠰᠠᠢᠢᠨ ᠪᠣᠯᠤᠭᠰᠠᠨ ᠭᠡᠳ ᠵᠠᠷᠢᠮ ᠠᠰᠠᠭᠤᠳᠠᠯ ᠢ ᠨᠢ ᠬᠠᠮᠲᠤ ᠢᠢᠨ ᠠᠵᠢᠯᠯᠠᠭᠠᠨ ᠤ ᠲᠡᠷᠢᠭᠦᠯᠡᠬᠦ ᠴᠢᠭᠯᠡᠯ ᠦᠨ ᠪᠠᠷᠢᠮᠲᠠ ᠪᠢᠴᠢᠭ᠌ ᠲᠥ ᠲᠤᠰᠬᠠᠬᠤ ᠠᠰᠠᠭᠤᠳᠠᠯ ᠢᠶᠠᠷ ᠰᠠᠨᠠᠭᠠᠴᠢᠯᠠᠭ᠎ᠠ ᠲᠠᠢ ᠠᠵᠢᠯᠯᠠᠬᠤ ᠪᠠᠨ ᠢᠯᠡᠷᠬᠡᠢᠢᠯᠡᠭᠰᠡᠨ ᠶᠤᠮ᠃

ᠠᠭᠤᠯᠵᠠᠯᠲᠠ ᠪᠠᠷ ᠲᠠᠯ᠎ᠠ ᠨᠤᠭᠤᠳ ᠮᠥᠨ ᠠᠭᠠᠷ ᠤᠨ ᠪᠣᠬᠢᠷᠳᠠᠯ᠂ ᠮᠠᠩᠰᠢᠭᠤᠷᠠᠭᠤᠯᠬᠤ ᠪᠣᠳᠠᠰ ᠵᠡᠷᠭᠡ ᠲᠣᠳᠣᠷᠬᠠᠢ ᠰᠡᠳᠦᠪ ᠦᠨ ᠬᠦᠷᠢᠶᠡᠨ ᠳᠥ ᠰᠠᠨᠠᠯ ᠪᠣᠳᠣᠯ ᠢᠶᠠᠨ ᠰᠣᠯᠢᠯᠴᠠᠭᠰᠠᠨ ᠪᠥᠭᠡᠳ ᠶᠠᠷᠢᠯᠴᠠᠭᠰᠠᠨ ᠰᠡᠳᠦᠪ ᠦᠨ ᠬᠦᠷᠢᠶᠡᠨ ᠳᠥ ᠢᠳᠡᠪᠬᠢᠲᠡᠢ ᠬᠠᠮᠲᠤᠷᠠᠨ ᠠᠵᠢᠯᠯᠠᠵᠤ ᠲᠣᠳᠣᠷᠬᠠᠢ ᠠᠬᠢᠴᠠ᠂ ᠦᠷ᠎ᠡ ᠳ᠋ᠦᠩ ᠳᠥ ᠬᠦᠷᠬᠦ ᠪᠡᠷ ᠵᠣᠷᠢᠵᠤ ᠠᠵᠢᠯᠯᠠᠨ᠎ᠠ ᠭᠡᠳᠡᠭ ᠢᠶᠡᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠰᠢᠷᠠ ᠢᠯᠡᠷᠬᠡᠢᠢᠯᠡᠯ᠎ᠡ᠃