Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯᠴᠢ ᠡᠷᠳᠡᠮᠲᠡᠨ ᠦᠳᠣ᠋ ᠪ ∙ ᠪᠠᠷᠺᠮᠠᠨ ᠢ ᠲᠥᠷᠥ ᠢᠢᠨ ᠳᠡᠭᠡᠳᠦ ᠱᠠᠩᠨᠠᠯ ᠠᠯᠲᠠᠨ ᠭᠠᠳᠠᠰᠤ ᠣᠳᠣᠨ ᠢᠶᠠᠷ ᠱᠠᠩᠨᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠭᠠᠳᠠᠭᠠᠳᠤ ᠤᠯᠤᠰ ᠤᠨ ᠢᠷᠭᠡᠨ ᠢ ᠠᠯᠲᠠᠨ ᠭᠠᠳᠠᠰᠤ ᠣᠳᠣᠨ ᠢᠶᠠᠷ ᠱᠠᠩᠨᠠᠬᠤ ᠲᠤᠬᠠᠢ ᠵᠠᠷᠯᠢᠭ ᠭᠠᠷᠭᠠᠵᠤ᠄

ᠮᠣᠩ᠋ᠭᠣᠯ ᠤᠯᠤᠰ-ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 45 ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠣᠯ ᠰᠤᠳᠤᠯᠤᠯ ᠤᠨ ᠴᠢᠭᠯᠡᠯ ᠢᠶᠡᠷ ᠣᠯᠠᠨ ᠠᠷᠪᠠᠨ ᠪᠦᠲᠦᠭᠡᠯ ᠲᠤᠭᠤᠷᠪᠢᠨ ᠮᠣᠩ᠋ᠭᠣᠯ  ᠤᠨ ᠲᠡᠦᠬᠡ᠂ ᠨᠡᠢᠢᠭᠡᠮ ᠤᠨ ᠰᠢᠨᠵᠢᠯᠡᠬᠦ ᠤᠬᠠᠭᠠᠨ ᠤ ᠬᠥᠭ᠍ᠵᠢᠯ ᠳᠥ ᠣᠷᠣᠭᠤᠯᠤᠭᠰᠠᠨ ᠬᠤᠪᠢ ᠨᠡᠮᠡᠷᠢ ᠢᠢ ᠦᠨᠡᠯᠡᠵᠦ᠂ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠢᠷᠭᠡᠨ᠂ ᠮᠣᠩ᠋ᠭᠣᠯᠴᠢ ᠡᠷᠳᠡᠮᠲᠡᠨ ᠦᠳᠣ᠋ ᠪ ∙ ᠪᠠᠷᠺᠮᠠᠨ ᠢ ᠮᠣᠩ᠋ᠭᠣᠯ ᠤᠯᠤᠰ ᠤᠨ ᠲᠥᠷᠥ ᠢᠢᠨ ᠳᠡᠭᠡᠳᠦ ᠠᠯᠲᠠᠨ ᠭᠠᠳᠠᠰᠤ ᠣᠳᠣᠨ ᠢᠶᠠᠷ ᠱᠠᠩᠨᠠᠯ᠎ᠠ᠃

ᠠᠯᠲᠠᠨ ᠭᠠᠳᠠᠰᠤ ᠣᠳᠣᠨ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠭᠠᠷᠳᠠᠭᠤᠯᠵᠤ᠂ ᠲᠥᠷᠥ ᠢᠢᠨ ᠳᠡᠭᠡᠳᠦ ᠱᠠᠩᠨᠠᠯ ᠬᠦᠷᠲᠡᠭᠰᠡᠨ ᠳᠥ ᠨᠢ ᠪᠠᠶᠠᠷ ᠬᠦᠷᠭᠡᠪᠡ᠃ ᠨᠣᠶᠠᠨ ᠦᠳᠣ᠋ ᠪ ∙ ᠪᠠᠷᠺᠮᠠᠨ ᠡᠨᠡᠬᠦ ᠱᠠᠩᠨᠠᠯ ᠨᠢ ᠬᠤᠪᠢ ᠬᠦᠨᠳᠦ ᠥᠭᠴᠦ ᠪᠤᠢ ᠱᠠᠩᠨᠠᠯ ᠭᠡᠬᠦ ᠡᠴᠡ ᠪᠡᠨ ᠢᠯᠡᠭᠦᠦ ᠲᠡᠢ ᠡᠷᠲᠡᠨ ᠦ ᠤᠯᠠᠮᠵᠢᠯᠠᠯ ᠲᠠᠢ ᠮᠣᠩ᠋ᠭᠣᠯ -ᠭᠧᠷᠮᠠᠨ ᠰᠤᠳᠤᠯᠤᠯ ᠤᠨ ᠦᠨ᠎ᠡ ᠴᠢᠨ᠂ ᠠᠴᠢ ᠬᠣᠯᠪᠣᠭᠳᠠᠯ ᠢ ᠦᠨᠡᠯᠡᠵᠦ ᠪᠤᠢ ᠶᠠᠪᠤᠳᠠᠯ ᠬᠡᠮᠡᠨ ᠲᠠᠯᠠᠷᠬᠠᠯ ᠢᠯᠡᠷᠬᠡᠢᠢᠯᠡᠯ᠎ᠡ᠃