Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠪᠦᠭᠦᠳᠡ ᠨᠠᠢᠢᠷᠠᠮᠳᠠᠬᠤ ᠲᠤᠸᠠ ᠤᠯᠤᠰ ᠤᠨ ᠲᠡᠷᠢᠭᠦᠨ ᠱ ∙ ᠸ ∙ ᠺᠠᠷᠠ – ᠣᠣᠯ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠣᠷᠣᠰ ᠤᠨ ᠬᠣᠯᠪᠣᠭᠠᠨ ᠤ ᠤᠯᠤᠰ ᠤᠨ ᠪᠦᠭᠦᠳᠡ ᠨᠠᠢᠢᠷᠠᠮᠳᠠᠬᠤ ᠲᠤᠸᠠ ᠤᠯᠤᠰ ᠤᠨ ᠲᠡᠷᠢᠭᠦᠨ ᠱᠣᠯᠪᠠᠨ ᠸᠠᠯᠧᠷᠢᠶᠸᠸᠢᠴ ᠺᠠᠷᠠ – ᠣᠣᠯ ᠢ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠢᠢᠨ ᠡᠬᠢᠨ ᠳᠥ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠤᠸᠠ ᠤᠯᠤᠰ ᠤᠨ ᠲᠡᠷᠢᠭᠦᠨ ᠮᠣᠩ᠋ᠭᠣᠯ ᠤᠯᠤᠰ ᠲᠤ ᠬᠦᠷᠦᠯᠴᠡᠨ ᠢᠷᠡᠵᠦ ᠪᠥᠰᠡ ᠨᠤᠲᠤᠭ ᠤᠨ ᠨᠥᠬᠥᠴᠡᠯ ᠪᠠᠢᠢᠳᠠᠯ ᠲᠠᠢ ᠲᠠᠨᠢᠯᠴᠠᠵᠤ ᠪᠠᠢᠢᠭ᠎ᠠ ᠨᠢ ᠮᠣᠩ᠋ᠭᠣᠯ ᠤᠯᠤᠰ᠂ ᠣᠷᠣᠰ ᠤᠨ ᠬᠣᠯᠪᠣᠭᠠᠨ ᠤ ᠤᠯᠤᠰ ᠤᠨ ᠬᠢᠯᠢ ᠣᠷᠴᠢᠮ ᠤᠨ ᠪᠣᠯᠤᠨ ᠪᠥᠰᠡ ᠨᠤᠲᠤᠭ ᠬᠣᠭᠣᠷᠣᠨᠳᠣ ᠢᠢᠨ ᠬᠡᠯᠬᠢᠶ᠎ᠡ ᠬᠣᠯᠪᠣᠭ᠎ᠠ ᠢᠢ ᠤᠯᠠᠮ ᠪᠡᠬᠢᠵᠢᠭᠦᠯᠬᠦ᠂ ᠬᠣᠶᠠᠷ ᠣᠷᠣᠨ ᠤ ᠬᠠᠷᠢᠯᠴᠠᠭᠠᠨ ᠳᠤ ᠵᠢᠩ ᠲᠡᠢ ᠡᠭᠦᠷᠭᠡ ᠭᠦᠢᠴᠡᠳᠭᠡᠬᠦ ᠳᠥ ᠴᠢᠬᠤᠯᠠ ᠨᠥᠯᠥᠭᠡ ᠦᠵᠡᠭᠦᠯᠦᠨ᠎ᠡ ᠬᠡᠮᠡᠨ ᠣᠨᠴᠠᠯᠠᠨ ᠲᠡᠮᠡᠯᠡᠭᠯᠡᠯ᠎ᠡ᠃

ᠲᠠᠯ᠎ᠠ ᠨᠤᠭᠤᠳ ᠠᠭᠤᠯᠵᠠᠯᠲᠠ ᠪᠠᠷ ᠬᠥᠳᠡᠭᠡ᠂ ᠠᠵᠤ ᠠᠬᠤᠢ᠂ ᠰᠣᠶᠣᠯ᠂ ᠬᠦᠮᠦᠨᠯᠢᠭ ᠦᠨ ᠰᠣᠯᠢᠯᠴᠠᠭ᠎ᠠ᠂ ᠢᠷᠭᠡᠳ ᠬᠣᠭᠣᠷᠣᠨᠳᠣ ᠢᠢᠨ ᠬᠠᠷᠢᠯᠴᠠᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ᠂ ᠠᠭᠠᠷ ᠤᠨ ᠲᠡᠭᠡᠭᠡᠪᠦᠷᠢ ᠵᠡᠷᠭᠡ ᠥᠷᠭᠡᠨ ᠰᠡᠳᠦᠪ ᠢᠶᠡᠷ ᠶᠠᠷᠢᠯᠴᠠᠭᠰᠠᠨ ᠪᠥᠭᠡᠳ ᠮᠣᠩ᠋ᠭᠣᠯ -ᠣᠷᠣᠰ-ᠬᠢᠲᠠᠳ ᠤᠨ ᠡᠳ᠋ ᠍ ᠦᠨ ᠵᠠᠰᠠᠭ ᠤᠨ ᠺᠣᠷᠢᠳᠣᠷ ᠪᠠᠢᠢᠭᠤᠯᠬᠤ ᠬᠥᠲᠦᠯᠪᠦᠷᠢ ᠢᠢᠨ ᠬᠦᠷᠢᠶᠡᠨ ᠳᠥ ᠲᠤᠸᠠ ᠪᠣᠯᠤᠨ ᠮᠣᠩ᠋ᠭᠣᠯ ᠤᠯᠤᠰ ᠰᠠᠨᠠᠭᠠᠴᠢᠯᠠᠭ᠎ᠠ ᠲᠠᠢ ᠠᠵᠢᠯᠯᠠᠬᠤ ᠠᠰᠠᠭᠤᠳᠠᠯ ᠢᠶᠠᠷ ᠳᠡᠯᠭᠡᠷᠡᠩᠭᠦᠢ ᠰᠠᠨᠠᠯ ᠰᠣᠯᠢᠯᠴᠠᠪᠠ᠃

ᠣᠷᠣᠰ ᠤᠨ ᠬᠣᠯᠪᠣᠭᠠᠨ ᠤ ᠤᠯᠤᠰ ᠤᠨ ᠲᠤᠸᠠ ᠤᠯᠤᠰ ᠤᠨ ᠲᠡᠷᠢᠭᠦᠨ ᠱ ∙ ᠸ ∙ ᠺᠠᠷᠠ – ᠣᠣᠯ ᠤᠨ ᠬᠡᠯᠡᠭᠰᠡᠨ ᠢᠶᠡᠷ ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠤᠨ ᠬᠡᠷᠡᠭᠵᠢᠭᠦᠯᠵᠦ ᠪᠤᠢ ᠲᠥᠰᠥᠯ ᠳᠤᠮᠳᠠ ᠺᠢᠽᠢᠯ-ᠺᠦᠷᠠᠭᠢᠨᠣ᠋ ᠴᠢᠭᠯᠡᠯ ᠦᠨ ᠲᠡᠮᠦᠷ ᠵᠠᠮ ᠤᠨ ᠲᠥᠰᠥᠯ ᠪᠠᠭᠲᠤᠭᠰᠠᠨ ᠪᠥᠭᠡᠳ ᠡᠨᠡ ᠨᠢ ᠣᠷᠣᠰ ᠤᠨ ᠬᠣᠯᠪᠣᠭᠠᠨ ᠤ ᠤᠯᠤᠰ ᠤᠨ ᠠᠯᠤᠰ ᠬᠢᠵᠠᠭᠠᠷ /ᠲᠤᠸᠠ/᠂ ᠮᠣᠩ᠋ᠭᠣᠯ ᠤᠯᠤᠰ ᠤᠨ ᠪᠠᠷᠠᠭᠤᠨ ᠬᠢᠵᠠᠭᠠᠷ ᠢ ᠬᠥᠭ᠍ᠵᠢᠭᠦᠯᠬᠦ ᠳᠥ ᠪᠣᠳᠠᠲᠠᠢ ᠬᠤᠪᠢ ᠨᠡᠮᠡᠷᠢ ᠣᠷᠣᠭᠤᠯᠤᠨ᠎ᠠ ᠬᠡᠮᠡᠨ ᠲᠠᠯ᠎ᠠ ᠨᠤᠭᠤᠳ ᠰᠠᠨᠠᠯ ᠨᠢᠭᠡᠳᠦᠭᠰᠡᠨ ᠶᠤᠮ᠃ ᠤᠯᠠᠮ ᠢᠶᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠨᠡ ᠲᠥᠰᠥᠯ ᠨᠢ ᠮᠣᠩ᠋ᠭᠣᠯ -ᠣᠷᠣᠰ-ᠬᠢᠲᠠᠳ ᠤᠨ ᠡᠳ᠋ ᠍ ᠦᠨ ᠵᠠᠰᠠᠭ ᠤᠨ ᠺᠣᠷᠢᠳᠣᠷ ᠪᠠᠢᠢᠭᠤᠯᠬᠤ ᠬᠥᠲᠥᠯᠪᠦᠷᠢ ᠳᠥ ᠲᠤᠰᠬᠠᠭᠳᠠᠭᠰᠠᠨ 《ᠬᠣᠢᠢᠳᠤ》 ᠺᠣᠷᠢᠳᠣᠷ ᠤᠨ ᠠᠵᠢᠯ ᠢ ᠤᠷᠤᠭᠰᠢᠯᠠᠭᠤᠯᠬᠤ ᠳᠤ ᠲᠦᠯᠬᠢᠴᠡ ᠦᠵᠡᠭᠦᠯᠵᠦ ᠪᠠᠢᠢᠭ᠎ᠠ᠂ ᠲᠤᠰ ᠠᠰᠠᠭᠤᠳᠠᠯ ᠳᠤ ᠲᠠᠯ᠎ᠠ ᠨᠤᠭᠤᠳ ᠰᠣᠨᠢᠷᠬᠠᠯ ᠨᠢᠭᠡ ᠪᠠᠢᠢᠭ᠎ᠠ ᠲᠤᠯᠠ ᠢᠳᠡᠪᠬᠢᠲᠡᠢ ᠬᠠᠮᠲᠤᠷᠠᠨ ᠠᠵᠢᠯᠯᠠᠨ᠎ᠠ ᠭᠡᠳᠡᠭ ᠲᠥ ᠨᠠᠢᠢᠳᠠᠵᠤ ᠪᠤᠢ ᠢᠢ ᠪᠠᠨ ᠢᠯᠡᠷᠬᠡᠢᠢᠯᠡᠯ᠎ᠡ᠃

ᠠᠭᠤᠯᠵᠠᠯᠲᠠ ᠢᠢᠨ ᠲᠡᠭᠦᠰᠬᠡᠯ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠣᠷᠣᠰ ᠤᠨ ᠬᠣᠯᠪᠣᠭᠠᠨ ᠤ ᠤᠯᠤᠰ-ᠲᠤᠸᠠ ᠤᠯᠤᠰ ᠤᠨ ᠲᠡᠷᠢᠭᠦᠨ ᠱ ∙ ᠸ ∙ ᠺᠠᠷᠠ – ᠣᠣᠯ ᠨᠠᠷ ᠶᠠᠷᠢᠯᠴᠠᠭᠰᠠᠨ ᠠᠰᠠᠭᠤᠳᠠᠯ ᠤᠳ ᠤᠨ ᠬᠦᠷᠢᠶᠡᠨ ᠳᠥ ᠬᠠᠮᠲᠤᠷᠠᠭᠰᠠᠨ ᠠᠵᠢᠯ ᠤᠨ ᠬᠡᠰᠡᠭ ᠪᠠᠢᠢᠭᠤᠯᠬᠤ ᠠᠰᠠᠭᠤᠳᠠᠯ ᠢᠶᠠᠷ ᠨᠢᠭᠡᠳᠦᠭᠰᠡᠨ ᠣᠢᠢᠯᠠᠭᠠᠯᠲᠠᠳ ᠬᠦᠷᠴᠦ᠂ ᠱᠠᠳᠤ ᠱᠠᠲᠤᠨ ᠳᠤ ᠪᠠᠨ ᠨᠢᠭ᠌ᠲᠠ᠂ ᠡᠷᠭᠢᠬᠦ ᠬᠣᠯᠪᠣᠭ᠎ᠠ ᠲᠠᠢ ᠬᠠᠮᠲᠤᠷᠠᠨ ᠠᠵᠢᠯᠯᠠᠬᠤ ᠪᠠᠷ ᠪᠣᠯᠪᠠ᠃


ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠣᠯᠠᠨ ᠤᠯᠤᠰ ᠤᠨ 《ᠸᠠᠯᠳᠠᠢ》 ᠬᠡᠯᠡᠯᠴᠡᠭᠦᠯᠭᠡ ᠢᠢᠨ ᠦᠶ᠎ᠡ ᠪᠡᠷ ᠵᠡᠭᠦᠨ ᠬᠣᠢᠢᠳᠤ ᠠᠽᠢᠶ᠎ᠠ ᠢᠢᠨ ᠮᠠᠷᠱᠷᠦ᠋ᠲ ᠢ ᠬᠤᠳᠠᠯᠳᠤᠭᠠᠨ ᠤ ᠢᠷᠡᠭᠡᠳᠦᠢ ᠲᠡᠢ ᠵᠠᠮ ᠭᠡᠵᠦ ᠦᠵᠡᠵᠦ ᠪᠤᠢ ᠢᠢ ᠪᠠᠨ᠂ ᠮᠥᠨ ᠡᠨᠡ ᠬᠦᠷᠢᠶᠡᠨ ᠳᠥ ᠺᠢᠽᠢᠯ-ᠺᠦᠷᠠᠭᠢᠨᠣ᠋ ᠂ ᠦᠷᠭᠦᠯᠵᠢᠯᠡᠭᠦᠯᠦᠨ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠢᠢᠨ ᠲᠡᠮᠦᠷ ᠵᠠᠮ ᠤᠨ ᠰᠦᠯᠵᠢᠶ᠎ᠡ ᠨᠦᠭᠦᠳ ᠲᠥ ᠨᠡᠪᠲᠡᠷᠡᠵᠦ᠂ ᠴᠢᠨᠠᠭᠰᠢᠯᠠᠭᠠᠳ ᠪᠦᠰᠡ ᠨᠤᠲᠤᠭ ᠤᠨ ᠪᠤᠰᠤᠳ ᠤᠯᠤᠰ ᠤᠨ ᠲᠡᠮᠦᠷ ᠵᠠᠮ ᠤᠨ ᠰᠦᠯᠵᠢᠶᠡᠨ ᠳᠥ ᠨᠡᠪᠲᠡᠷᠡᠬᠦ ᠪᠣᠯᠤᠮᠵᠢ ᠪᠦᠷᠢᠳᠦᠨ᠎ᠡ ᠭᠡᠵᠦ ᠦᠵᠡᠵᠦ ᠪᠤᠢ ᠢᠢ ᠪᠠᠨ ᠵᠠᠷᠯᠠᠭᠰᠠᠨ ᠪᠠᠢᠢᠳᠠᠭ᠃

ᠬᠣᠶᠠᠷ ᠲᠠᠯ᠎ᠠ ᠢᠢᠨ ᠪᠠᠷᠠᠭ᠎ᠠ ᠡᠷᠭᠢᠯᠲᠡ ᠢᠢᠨ 70 ᠬᠤᠪᠢ᠂ ᠰᠤᠶᠤᠯ᠂ ᠬᠦᠮᠦᠨᠯᠢᠭ ᠦᠨ ᠰᠣᠯᠢᠯᠴᠠᠭ᠎ᠠ᠂ ᠢᠷᠭᠡᠳ ᠬᠣᠭᠣᠷᠣᠨᠳᠣ ᠢᠢᠨ ᠬᠠᠷᠢᠯᠴᠠᠭᠠᠨ ᠤ ᠲᠡᠩ ᠬᠠᠭᠠᠰ ᠠᠴᠠ ᠢᠯᠡᠭᠦᠦ ᠨᠢ ᠡᠨᠡᠬᠦ ᠪᠥᠰᠡ ᠨᠤᠲᠤᠭ ᠤᠨ ᠬᠠᠷᠢᠯᠴᠠᠭᠠᠨ ᠳᠤ ᠨᠣᠭᠳᠠᠳᠠᠭ ᠪᠠᠢᠢᠨ᠎ᠠ᠃