Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠮᠧᠷᠢᠺᠠ ᠢᠢᠨ ᠨᠢᠭᠡᠳᠦᠭᠰᠡᠨ ᠤᠯᠤᠰ ᠤᠨ ᠬᠤᠳᠠᠯᠳᠤᠭᠠᠨ ᠤ ᠶᠠᠮᠤᠨ ᠤ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠠᠮᠧᠷᠢᠺᠠ ᠢᠢᠨ ᠨᠢᠭᠡᠳᠦᠭᠰᠡᠨ ᠤᠯᠤᠰ ᠤᠨ ᠬᠤᠳᠠᠯᠳᠤᠭᠠᠨ ᠤ ᠶᠠᠮᠤᠨ ᠤ ᠬᠢᠲᠠᠳ᠂ ᠮᠣᠩ᠋ᠭᠣᠯ  ᠢ ᠬᠠᠷᠢᠭᠤᠴᠠᠭᠰᠠᠨ ᠳᠡᠳ᠋ ᠰᠠᠢᠢᠳ ᠤᠨ ᠣᠷᠣᠯᠠᠭᠴᠢ ᠠᠯᠠᠨ ᠲᠥᠷᠯᠢ ᠲᠡᠷᠢᠭᠦᠲᠡᠢ ᠵᠣᠴᠢᠳ ᠲᠥᠯᠦᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃

ᠨᠣᠶᠠᠨ ᠠᠯᠠᠨ ᠲᠥᠷᠯᠢ ᠬᠥᠳᠡᠭᠡ ᠠᠵᠤ ᠠᠬᠤᠢ᠂ ᠮᠡᠳᠡᠭᠡᠯᠡᠯ ᠦᠨ ᠲᠧᠭᠨᠣᠯᠣᠭᠢ᠂ ᠠᠭᠤᠯᠠ ᠠᠭᠤᠷᠬᠠᠢ ᠢᠢᠨ ᠲᠣᠨᠣᠭ ᠲᠥᠬᠦᠭᠡᠷᠦᠮᠵᠢ᠂ ᠬᠢᠮᠢ᠂ ᠲᠡᠮᠦᠷ ᠵᠠᠮ ᠤᠨ ᠳᠡᠳ᠋ ᠪᠦᠲᠦᠴᠡ ᠢᠢᠨ ᠵᠡᠷᠭᠡ ᠰᠠᠯᠪᠤᠷᠢ ᠳᠤ ᠳᠡᠯᠡᠬᠡᠢ ᠳᠠᠶᠠᠭᠠᠷ ᠦᠢᠯᠡ ᠠᠵᠢᠯᠯᠠᠭ᠎ᠠ ᠶᠠᠪᠤᠭᠤᠯᠳᠠᠭ ᠲᠣᠮᠣᠬᠠᠨ ᠺᠣᠮᠫᠠᠨᠢ ᠢᠢᠨ ᠤᠳᠤᠷᠢᠳᠤᠯᠭ᠎ᠠ ᠨᠤᠭᠤᠳ ᠲᠠᠢ ᠬᠦᠷᠦᠯᠴᠡᠨ ᠢᠷᠡᠭᠰᠡᠨ ᠪᠥᠭᠡᠳ 《…ᠮᠣᠩ᠋ᠭᠣᠯ ᠤᠯᠤᠰ ᠲᠤ ᠠᠵᠢᠯᠯᠠᠵᠤ ᠪᠠᠢᠢᠭ᠎ᠠ ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠳ᠋ᠤᠨᠠᠯᠳ᠋ ᠲᠷᠠᠮᠫ ᠨᠠᠷ ᠤᠨ ᠡᠳ᠋ ᠍ ᠦᠨ ᠵᠠᠰᠠᠭ᠂ ᠬᠤᠳᠠᠯᠳᠤᠭᠠᠨ ᠤ ᠬᠠᠷᠢᠯᠴᠠᠭ᠎ᠠ ᠢᠢ ᠥᠷᠭᠡᠵᠢᠭᠦᠯᠬᠦ ᠰᠣᠨᠢᠷᠬᠠᠯ ᠳᠤ ᠲᠤᠯᠭᠠᠭᠤᠷᠢᠯᠠᠨ᠂ ᠠᠵᠢᠯ ᠬᠡᠷᠡᠭ ᠪᠣᠯᠭᠠᠬᠤ ᠵᠣᠷᠢᠯᠭ᠎ᠠ ᠲᠠᠢ》 ᠬᠡᠮᠡᠨ ᠣᠨᠴᠠᠯᠠᠯ᠎ᠠ᠃

ᠠᠮᠧᠷᠢᠺᠠ ᠢᠢᠨ ᠨᠢᠭᠡᠳᠦᠭᠰᠡᠨ ᠤᠯᠤᠰ ᠤᠨ ᠬᠤᠳᠠᠯᠳᠤᠭᠠᠨ ᠤ ᠶᠠᠮᠤ ᠮᠣᠩ᠋ᠭᠣᠯ ᠤᠯᠤᠰ ᠲᠠᠢ ᠬᠥᠳᠡᠭᠡ ᠠᠵᠤ ᠠᠬᠤᠢ᠂ ᠮᠠᠯ ᠠᠵᠤ ᠠᠬᠤᠢ ᠢᠢᠨ ᠴᠢᠭᠯᠡᠯ ᠢᠶᠡᠷ ᠲᠦᠯᠬᠢᠭᠦᠦ ᠬᠠᠮᠲᠤᠷᠠᠵᠤ ᠠᠵᠢᠯᠯᠠᠬᠤ ᠰᠣᠨᠢᠷᠬᠠᠯ ᠲᠠᠢ ᠴᠤ ᠮᠣᠩ᠋ᠭᠣᠯ ᠤᠯᠤᠰ ᠲᠤ ᠥᠷᠨᠢᠵᠦ ᠪᠤᠢ ᠲᠡᠮᠦᠷ ᠵᠠᠮ᠂ ᠠᠭᠠᠷ ᠤᠨ ᠲᠡᠭᠡᠭᠡᠪᠦᠷᠢ ᠢᠢᠨ ᠪᠦᠲᠦᠭᠡᠨ ᠪᠠᠢᠢᠭᠤᠯᠤᠯᠲᠠ᠂ ᠢᠳᠡᠪᠬᠢᠲᠡᠢ ᠥᠰᠦᠨ ᠨᠡᠮᠡᠭᠳᠡᠵᠦ ᠪᠤᠢ ᠢᠨ᠋ᠲ᠋ᠧᠷᠨᠧᠲ ᠬᠡᠷᠡᠭᠯᠡᠭᠴᠢᠳ ᠦᠨ ᠲᠣᠭ᠎ᠠ ᠵᠡᠷᠭᠡ ᠳᠥ ᠲᠤᠯᠭᠠᠭᠤᠷᠢᠯᠠᠨ ᠪᠢᠽᠢᠨ᠋᠋ᠧᠰ᠂ ᠬᠠᠮᠲᠤ ᠢᠢᠨ ᠠᠵᠢᠯᠯᠠᠭᠠᠨ ᠤ ᠰᠢᠨ᠎ᠡ ᠠᠷᠭ᠎ᠠ ᠬᠡᠯᠪᠡᠷᠢ ᠨᠦᠭᠦᠳ ᠢ ᠴᠤ ᠡᠷᠢᠯᠬᠢᠯᠡᠵᠦ ᠪᠤᠢ ᠢᠢ ᠪᠠᠨ ᠮᠡᠳᠡᠭᠳᠡᠭᠰᠡᠨ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠳᠣ ᠬᠡᠷᠡᠭᠵᠢᠵᠦ ᠪᠤᠢ ᠲᠥᠰᠥᠯ ᠬᠥᠲᠥᠯᠪᠦᠷᠢ ᠨᠦᠭᠦᠳ ᠢᠶᠡᠨ ᠳᠡᠯᠭᠡᠷᠡᠩᠭᠦᠢ ᠲᠠᠨᠢᠯᠴᠠᠭᠤᠯᠵᠤ᠂ ᠠᠯᠢ ᠰᠠᠯᠪᠤᠷᠢ ᠳᠤ ᠬᠠᠮᠲᠤᠷᠠᠨ ᠠᠵᠢᠯᠯᠠᠵᠤ ᠪᠤᠢ ᠠᠴᠠ ᠦᠯᠦ ᠬᠠᠮᠢᠶᠠᠷᠤᠨ ᠲᠧᠭᠨᠣᠯᠣᠭᠢ ᠪᠣᠯᠤᠨ ᠰᠠᠩᠬᠦᠵᠢᠯᠲᠡ ᠢᠢᠨ ᠲᠠᠭᠠᠲᠠᠢ ᠨᠥᠬᠥᠴᠡᠯ ᠲᠡᠢ ᠪᠠᠢᠢᠪᠠᠯ ᠬᠠᠷᠢᠯᠴᠠᠨ ᠠᠰᠢᠭᠲᠠᠢ ᠪᠢᠽᠢᠨ᠋᠋ᠧᠰ ᠦᠨ ᠦᠨᠳᠦᠰᠦ ᠪᠣᠯᠤᠨ᠎ᠠ ᠬᠡᠮᠡᠨ ᠣᠨᠴᠠᠯᠠᠨ ᠲᠡᠮᠳᠡᠭᠯᠡᠯ᠎ᠡ᠃ ᠠᠮᠧᠷᠢᠺᠠ ᠢᠢᠨ ᠨᠢᠭᠡᠳᠦᠭᠰᠡᠨ ᠤᠯᠤᠰ ᠤᠨ ᠬᠤᠳᠠᠯᠳᠤᠭᠠᠨ ᠤ ᠶᠠᠮᠤᠨ ᠤ ᠪᠣᠯᠤᠨ ᠬᠤᠪᠢ ᠢᠢᠨ ᠬᠡᠪᠰᠢᠯ ᠦᠨ ᠲᠥᠯᠦᠭᠡᠯᠡᠭᠴᠢᠳ ᠨᠢᠭᠡ ᠤᠳᠠᠭ᠎ᠠ ᠢᠢᠨ ᠠᠰᠢᠭ ᠣᠯᠬᠤ ᠪᠢᠽᠢᠨ᠋᠋ᠧᠰ ᠪᠤᠰᠤ ᠤᠷᠲᠤ ᠬᠤᠭᠤᠴᠠᠭᠠᠨ ᠤ ᠲᠦᠩᠰᠢ ᠢᠢᠨ ᠬᠠᠷᠢᠯᠴᠠᠭ᠎ᠠ ᠲᠠᠢ ᠪᠣᠯᠬᠤ ᠡᠷᠡᠮᠡᠯᠵᠡᠯ ᠲᠡᠢ ᠭᠡᠳᠡᠭ ᠢᠶᠡᠨ ᠢᠯᠡᠷᠬᠡᠢᠢᠯᠡᠵᠦ᠂ ᠮᠣᠩ᠋ᠭᠣᠯ ᠤᠯᠤᠰ ᠲᠤ ᠥᠷᠨᠢᠵᠦ ᠪᠤᠢ ᠪᠦᠲᠦᠭᠡᠨ ᠪᠠᠢᠢᠭᠤᠯᠤᠯᠲᠠ᠂ ᠪᠢᠽᠢᠨ᠋᠋ᠧᠰ ᠦᠨ ᠲᠠᠭᠠᠲᠠᠢ ᠪᠣᠯᠤᠮᠵᠢ ᠨᠤᠭᠤᠳ ᠤᠨ ᠲᠠᠯ᠎ᠠ ᠪᠠᠷ ᠳᠡᠯᠭᠡᠷᠡᠩᠭᠦᠢ ᠮᠡᠳᠡᠭᠡᠯᠡᠯ ᠥᠭ᠍ᠭᠦᠭᠰᠡᠨ ᠳᠥ ᠲᠠᠯᠠᠷᠬᠠᠯ ᠢᠯᠡᠷᠬᠡᠢᠢᠯᠡᠪᠡ᠃