Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠢᠲ᠋ᠠᠯᠢ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠯᠠᠦ᠋ᠷᠠ ᠪᠦᠲ᠋ᠲ᠋ᠠ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠯ᠎ᠠ

ᠪᠦᠭᠦᠳᠡ ᠨᠠᠢᠢᠷᠠᠮᠳᠠᠬᠤ ᠢᠲ᠋ᠠᠯᠢ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠢᠶᠠᠷ ᠲᠣᠮᠢᠯᠠᠭᠳᠠᠨ ᠢᠷᠡᠭᠰᠡᠨ ᠬᠠᠲᠤᠭᠲᠠᠢ ᠯᠠᠦ᠋ᠷᠠ ᠪᠦᠲ᠋ᠲ᠋ᠠ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃

ᠬᠠᠲᠤᠭᠲᠠᠢ ᠯᠠᠦ᠋ᠷᠠ ᠪᠤᠲ᠋ᠲ᠋ᠠ ᠢᠢ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠭᠰᠠᠨ ᠲᠠᠢ ᠨᠢ ᠬᠣᠯᠪᠣᠭᠳᠠᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠭᠠᠳ᠂ ᠬᠣᠶᠠᠷ ᠣᠷᠣᠨ ᠤ ᠬᠠᠷᠢᠯᠴᠠᠭ᠎ᠠ ᠢᠢ ᠥᠷᠭᠡᠵᠢᠭᠦᠯᠬᠦ ᠳᠥ ᠭᠣᠣᠯ ᠲᠦᠯᠬᠢᠴᠡ ᠦᠵᠡᠭᠦᠯᠬᠦ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠪᠡᠷ ᠶᠠᠷᠢᠯᠴᠠᠯ᠎ᠠ᠃

ᠮᠣᠩ᠋ᠭᠣᠯ ᠤᠯᠤᠰ ᠠᠶᠠᠯᠠᠯ ᠵᠢᠭᠤᠯᠴᠢᠯᠠᠯ ᠤᠨ ᠪᠦᠰᠡ ᠨᠤᠲᠤᠭ ᠲᠤ ᠪᠠᠢᠢᠷᠢᠯᠠᠳᠠᠭ ᠴᠤ ᠬᠠᠩ᠋ᠭᠠᠯᠲᠠ ᠲᠠᠢ ᠵᠢᠭᠤᠯᠴᠢᠨ ᠬᠦᠯᠢᠶᠡᠨ ᠠᠪᠴᠤ ᠴᠢᠳᠠᠬᠤ ᠦᠭᠡᠢ ᠪᠠᠢᠢᠭ᠎ᠠ ᠢᠢ᠂ ᠮᠥᠨ ᠮᠠᠯ ᠤᠨ ᠲᠣᠭ᠎ᠠ ᠲᠣᠯᠣᠭᠠᠢ ᠨᠡᠮᠡᠭᠳᠡᠭᠰᠡᠨ ᠴᠤ ᠪᠣᠯᠪᠠᠰᠤᠷᠠᠭᠤᠯᠬᠤ ᠦᠢᠯᠡᠳᠪᠦᠷᠢᠯᠡᠯ ᠬᠥᠭ᠍ᠵᠢᠬᠦ ᠦᠭᠡᠢ ᠪᠠᠢᠢᠭ᠎ᠠ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠣᠳᠣᠳᠬᠠᠭᠠᠳ ᠡᠳᠡᠭᠡᠷ ᠰᠠᠯᠪᠤᠷᠢ ᠳᠤ ᠠᠮᠵᠢᠯᠲᠠᠲᠠᠢ ᠪᠣᠳᠣᠯᠭ᠎ᠠ᠂ ᠮᠧᠨᠧᠵᠮᠧᠨ᠋ᠲ ᠬᠡᠷᠡᠭᠵᠢᠭᠦᠯᠵᠦ ᠪᠤᠢ ᠢᠲᠠᠯᠢ ᠤᠯᠤᠰ ᠲᠠᠢ ᠬᠠᠮᠲᠤᠷᠠᠨ ᠠᠵᠢᠯᠯᠠᠬᠤ ᠰᠣᠨᠢᠷᠬᠠᠯ ᠲᠠᠢ ᠪᠤᠢ ᠢᠢ ᠪᠠᠨ ᠢᠯᠡᠷᠬᠡᠢᠢᠯᠡᠭᠰᠡᠨ ᠶᠤᠮ᠃

ᠡᠨᠡ ᠬᠦᠷᠢᠶᠡᠨ ᠳᠥ ᠳᠠᠷᠬᠠᠨ ᠬᠣᠲᠠ ᠳᠤ ᠪᠠᠷᠢᠭᠳᠠᠵᠤ ᠪᠤᠢ ᠠᠷᠠᠰᠤ ᠰᠢᠷᠢ ᠪᠣᠯᠪᠠᠰᠤᠷᠠᠭᠤᠯᠬᠤ ᠦᠢᠯᠡᠳᠪᠦᠷᠢ᠂ ᠠᠶᠠᠯᠠᠯ ᠵᠢᠭᠤᠯᠴᠢᠯᠠᠯ ᠤᠨ ᠪᠣᠳᠣᠯᠭ᠎ᠠ ᠵᠡᠷᠭᠡ ᠲᠣᠳᠣᠷᠬᠠᠢ ᠲᠥᠰᠥᠯ᠂ ᠬᠥᠲᠥᠯᠪᠦᠷᠢ ᠢᠢ ᠬᠠᠮᠲᠤᠷᠠᠨ ᠬᠡᠷᠡᠭᠵᠢᠭᠦᠯᠬᠦ ᠳᠥ ᠪᠡᠨ ᠢᠲ᠋ᠠᠯᠢ ᠤᠯᠤᠰ ᠤᠨ ᠮᠧᠨᠧᠵᠮᠧᠨ᠋ᠲ᠂ ᠲᠧᠭᠨᠣᠯᠣᠭᠢ ᠢᠢ ᠨᠤᠲᠤᠭᠰᠢᠭᠤᠯᠬᠤ ᠠᠰᠠᠭᠤᠳᠠᠯ ᠢᠶᠠᠷ ᠲᠠᠯ᠎ᠠ ᠨᠤᠭᠤᠳ ᠳᠡᠯᠭᠡᠷᠡᠩᠭᠦᠢ ᠶᠠᠷᠢᠯᠴᠠᠯ᠎ᠠ᠃

ᠮᠥᠨ ᠠᠭᠤᠯᠵᠠᠯᠲᠠ ᠪᠠᠷ ᠢᠷᠡᠬᠦ ᠣᠨ ᠳᠤ ᠲᠣᠬᠢᠶᠠᠬᠤ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢ ᠤᠭᠲᠤᠨ ᠰᠤᠶᠤᠯ ᠤᠨ ᠪᠣᠯᠤᠨ ᠪᠤᠰᠤᠳ ᠠᠷᠭ᠎ᠠ ᠬᠡᠮᠵᠢᠶ᠎ᠡ ᠢᠢ ᠲᠡᠮᠳᠡᠭᠯᠡᠬᠦ ᠠᠰᠠᠭᠤᠳᠠᠯ ᠢᠶᠠᠷ ᠰᠠᠨᠠᠯ ᠰᠤᠯᠢᠯᠴᠠᠪᠠ᠃

ᠠᠭᠤᠯᠵᠠᠯᠲᠠ ᠢᠢᠨ ᠲᠡᠭᠦᠰᠬᠡᠯ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠶᠡᠷᠦᠩᠬᠡᠢᠢᠯᠡᠭᠴᠢ ᠰᠧᠷᠵᠢᠣ᠋ ᠮᠠᠲ᠋ᠲ᠋ᠠᠷᠧᠯᠯᠠ ᠳᠤ ᠴᠢᠩ ᠰᠡᠳᠬᠢᠯ ᠦᠨ ᠮᠡᠨᠳᠦᠴᠢᠯᠡᠭᠡ ᠤᠯᠠᠮᠵᠢᠯᠠᠵᠤ᠂ ᠬᠠᠲᠤᠭᠲᠠᠢ ᠯᠠᠦ᠋ᠷᠠ ᠪᠣᠲ᠋ᠲ᠋ᠠ ᠠᠵᠢᠯ ᠤᠨ ᠠᠮᠵᠢᠯᠲᠠ ᠬᠦᠰᠡᠯ᠎ᠡ᠃