ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠧᠦ᠋ᠷᠣᠫᠠ ᠢᠢᠨ ᠰᠡᠷᠭᠦᠭᠡᠨ ᠪᠣᠰᠬᠠᠯᠲᠠ᠂ ᠬᠥᠭ᠍ᠵᠢᠯ ᠦᠨ ᠪᠠᠩᠬᠢᠨ ᠤ ᠶᠡᠷᠦᠩᠬᠡᠢᠢᠯᠡᠭᠴᠢ ᠰᠧᠷ ᠰᠦᠮ᠎ᠠ ᠴᠠᠺᠷᠠᠪᠠᠷᠲ᠋ᠢ ᠢᠢ ᠬᠦᠯᠢᠶᠡᠨ ᠠᠪᠴᠤ ᠠᠭᠤᠯᠵᠠᠯ᠎ᠠ᠃
ᠲᠤᠰ ᠪᠠᠩᠬᠢ ᠥᠩᠭᠡᠷᠡᠭᠰᠡᠨ ᠬᠤᠭᠤᠴᠠᠭᠠᠨ ᠳᠤ ᠮᠣᠩ᠋ᠭᠣᠯ ᠤᠯᠤᠰ ᠲᠤ 1.7 ᠲᠡᠷᠪᠤᠮ ᠧᠦ᠋ᠷᠣ᠋ ᠢᠢᠨ ᠰᠠᠩᠬᠦᠵᠢᠯᠲᠡ ᠣᠯᠭᠤᠵᠤ᠂ ᠬᠤᠪᠢ ᠢᠢᠨ ᠬᠡᠪᠰᠢᠯ ᠦᠨ ᠬᠥᠭ᠍ᠵᠢᠯ ᠢ ᠳᠡᠮᠵᠢᠵᠦ ᠢᠷᠡᠭᠰᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠠᠯᠠᠷᠬᠠᠯ ᠢᠯᠡᠷᠬᠡᠢᠢᠯᠡᠭᠡᠳ᠂ 2024 ᠣᠨ ᠬᠦᠷᠲᠡᠯ᠎ᠡ ᠮᠣᠩ᠋ᠭᠣᠯ ᠤᠯᠤᠰ ᠲᠠᠢ ᠬᠠᠮᠲᠤᠷᠠᠨ ᠠᠵᠢᠯᠯᠠᠬᠤ ᠰᠲ᠋ᠷᠠᠲ᠋ᠧᠭᠢ ᠢᠢᠨ ᠪᠠᠷᠢᠮᠲᠠ ᠪᠢᠴᠢᠭ᠌ ᠪᠣᠯᠪᠠᠰᠤᠷᠠᠭᠤᠯᠬᠤ᠂ ᠲᠡᠷᠢᠭᠦᠯᠡᠬᠦ ᠬᠠᠮᠲᠤ ᠢᠢᠨ ᠠᠵᠢᠯᠯᠠᠭᠠᠨ ᠤ ᠰᠠᠯᠪᠤᠷᠢ ᠢᠢ ᠲᠣᠳᠣᠷᠬᠠᠢᠢᠯᠠᠬᠤ ᠠᠰᠠᠭᠤᠳᠠᠯ ᠢᠶᠠᠷ ᠥᠷᠭᠡᠨ ᠬᠦᠷᠢᠶᠡᠨ ᠳᠥ ᠰᠠᠨᠠᠯ ᠰᠣᠯᠢᠯᠴᠠᠯ᠎ᠠ᠃
ᠨᠣᠶᠠᠨ ᠴᠠᠺᠷᠠᠪᠠᠷᠲ᠋ᠢ ᠮᠣᠩ᠋ᠭᠣᠯ ᠤᠯᠤᠰ ᠲᠠᠢ ᠬᠠᠮᠲᠤᠷᠠᠨ ᠠᠵᠢᠯᠯᠠᠬᠤ ᠶᠠᠪᠤᠴᠠ ᠳᠤ ᠪᠠᠨ ᠵᠢᠯ ᠳᠥ 1-2 ᠲᠣᠮᠣᠬᠠᠨ ᠲᠥᠰᠥᠯ᠂ ᠬᠥᠲᠥᠯᠪᠦᠷᠢ ᠬᠡᠷᠡᠭᠵᠢᠭᠦᠯᠬᠦ᠂ ᠵᠢᠯ ᠦᠨ ᠰᠠᠩᠬᠦᠵᠢᠯᠲᠡ ᠳᠥ 200-250 ᠰᠠᠶ᠎ᠠ ᠧᠦ᠋ᠷᠣ᠋ ᠵᠠᠷᠤᠴᠠᠭᠤᠯᠬᠤ ᠲᠥᠯᠥᠪᠯᠡᠭᠡ ᠲᠡᠢ ᠪᠠᠢᠢᠭ᠎ᠠ ᠲᠠᠯ᠎ᠠ ᠪᠠᠷ ᠢᠶᠠᠨ ᠲᠠᠨᠢᠯᠴᠠᠭᠤᠯᠵᠤ᠂ ᠡᠨᠡ ᠨᠢ ᠲᠦᠯᠬᠢᠭᠦᠦ ᠬᠣᠲᠠ ᠢᠢᠨ ᠨᠡᠢᠢᠲᠡ ᠢᠢᠨ ᠠᠵᠤ ᠠᠬᠤᠢ ᠢᠢᠨ ᠦᠢᠯᠡᠴᠢᠯᠡᠭᠡ ᠪᠤᠶᠤ ᠠᠦ᠋ᠲ᠋ᠣ᠋ ᠵᠠᠮ᠂ ᠡᠷᠴᠢᠮ ᠬᠦᠴᠦ᠂ ᠨᠡᠢᠢᠲᠡ ᠢᠢᠨ ᠲᠡᠭᠡᠭᠡᠪᠦᠷᠢ ᠢᠢᠨ ᠬᠥᠭ᠍ᠵᠢᠯ᠂ ᠴᠡᠪᠡᠷ᠂ ᠪᠣᠬᠢᠷ ᠤᠰᠤᠨ ᠤ ᠰᠢᠰᠲ᠋ᠧᠮ ᠵᠡᠷᠭᠡ ᠳᠥ ᠵᠠᠷᠤᠴᠠᠭᠤᠯᠤᠭᠳᠠᠬᠤ ᠲᠥᠯᠥᠪᠲᠡᠢ ᠪᠠᠢᠢᠭ᠎ᠠ ᠭᠡᠰᠡᠨ ᠶᠤᠮ᠃ ᠮᠥᠨ ᠰᠡᠭᠦᠯ ᠦᠨ ᠦᠶ᠎ᠡ ᠳᠥ ᠮᠣᠩ᠋ᠭᠣᠯ ᠤᠯᠤᠰ ᠲᠤ ᠥᠷᠨᠢᠵᠦ ᠪᠤᠢ ᠠᠦ᠋ᠲ᠋ᠣ᠋ ᠵᠠᠮ᠂ ᠂ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠨᠢ ᠪᠠᠩᠬᠢᠨ ᠤ ᠵᠣᠷᠢᠯᠭ᠎ᠠ᠂ ᠵᠣᠷᠢᠯᠲᠠ ᠲᠠᠢ ᠨᠡᠢᠢᠴᠡᠵᠦ ᠪᠠᠢᠢᠭ᠎ᠠ ᠢᠢ ᠳᠤᠷᠠᠳᠤᠭᠠᠳ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠲᠥᠰᠥᠯ᠂ ᠬᠥᠲᠥᠯᠪᠦᠷᠢ ᠨᠦᠭᠦᠳ ᠢ ᠳᠡᠮᠵᠢᠵᠦ ᠠᠵᠢᠯᠯᠠᠬᠤ ᠪᠠᠨ ᠢᠯᠡᠷᠬᠡᠢᠢᠯᠡᠪᠡ᠃
ᠠᠭᠤᠯᠵᠠᠯᠲᠠ ᠢᠢᠨ ᠲᠡᠭᠦᠰᠬᠡᠯ ᠳᠦᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠧᠦ᠋ᠷᠣᠫᠠ ᠢᠢᠨ ᠰᠡᠷᠭᠦᠭᠡᠨ ᠪᠣᠰᠬᠠᠯᠲᠠ᠂ ᠬᠥᠭ᠍ᠵᠢᠯ ᠦᠨ ᠪᠠᠩᠬᠢ ᠤ ᠰᠠᠩᠬᠦᠵᠢᠭᠦᠯᠬᠦ ᠲᠥᠰᠥᠯ᠂ ᠬᠥᠲᠥᠯᠪᠦᠷᠢ ᠨᠦᠭᠦᠳ ᠨᠢ ᠡᠳ᠋ ᠍ ᠦᠨ ᠵᠠᠰᠠᠭ ᠢ ᠲᠥᠷᠦᠯᠵᠢᠭᠦᠯᠬᠦ ᠳᠦ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠢ ᠪᠤᠢ ᠢᠢ ᠪᠠᠨ ᠢᠯᠡᠷᠬᠡᠢᠢᠯᠡᠵᠦ᠂ ᠨᠣᠶᠠᠨ ᠴᠠᠺᠷᠠᠪᠠᠷᠲ᠋ᠢ ᠳᠤ ᠠᠵᠢᠯ ᠤᠨ ᠠᠮᠵᠢᠯᠲᠠ ᠬᠦᠰᠡᠯ᠎ᠡ᠃