Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠳᠤ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠠᠴᠠ ᠮᠣᠩᠭᠣᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠶᠢᠳ ᠣ ᠰᠢᠨ ᠬᠣ‍ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠳᠤ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠠᠴᠠ ᠮᠣᠩᠭ᠋ᠤᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠣ ᠰᠢᠨ ᠬᠣ‍ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃

ᠢᠲᠡᠭᠡᠮᠵᠢᠯᠡᠬᠦ ᠵᠢᠭᠤᠬᠤ ᠪᠢᠴᠢᠭ᠌ ᠪᠠᠷᠢᠭᠰᠠᠨ ᠤ ᠳᠠᠷᠠᠭ᠎ᠠ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ‍᠂ᠪᠠᠳᠤᠳᠤᠯᠭ᠎ᠠ ᠡᠯᠴᠢᠨ ᠰᠠᠢᠢᠳ ᠣ ᠰᠢᠨ ᠬᠣ‍ ᠢᠢ ᠬᠦᠯᠢᠶᠡᠨ ᠠᠪᠴᠤ ᠠᠭᠤᠯᠵᠠᠯ᠎ᠠ᠃

ᠡᠯᠴᠢᠨ ᠰᠠᠢᠢᠳ ᠣ ᠰᠢᠨ ᠬᠣ‍ ᠠᠭᠤᠯᠵᠠᠯᠲᠠ ᠢᠢᠨ ᠦᠶ᠎ᠡ ᠪᠡᠷ 《ᠡᠷᠬᠢᠮᠰᠦᠭ ᠨᠣᠶᠠᠨ ᠶᠡᠷᠦᠩᠬᠡᠢᠢᠯᠡᠭᠴᠢ ᠨᠠᠮᠠᠢᠢ ᠬᠦᠯᠢᠶᠡᠨ ᠠᠪᠴᠤ᠂ ᠠᠭᠤᠯᠵᠠᠵᠤ ᠪᠠᠢᠢᠭᠠᠳ ᠪᠠᠶᠠᠷᠯᠠᠯ᠎ᠠ᠃ ᠶᠠᠭᠤᠨ ᠤ ᠡᠮᠦᠨ᠎ᠡ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠤᠨ ᠬᠥᠳᠡᠯᠮᠦᠷᠢ ᠢᠢᠨ ᠨᠠᠮ ᠤᠨ ᠳᠠᠷᠤᠭ᠎ᠠ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠤᠨ ᠲᠥᠷᠥ ᠢᠢᠨ ᠵᠥᠪᠯᠡᠯ ᠦᠨ ᠳᠠᠷᠤᠭ᠎ᠠ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠤᠨ ᠠᠷᠠᠳ ᠤᠨ ᠠᠷᠮᠢ ᠢᠢᠨ ᠳᠡᠭᠡᠳᠦ ᠺᠣᠮᠠᠨ᠋ᠳ᠋ᠯᠠᠭᠴᠢ ᠺᠢᠮ ᠵᠣᠢᠩ ᠤᠢᠨ ᠤ ᠮᠣᠩᠭ᠋ᠤᠯ ᠤᠯᠤᠰ ᠤᠨ ᠶᠡᠷᠦᠩᠬᠡᠢᠢᠯᠡᠭᠴᠢ ᠨᠣᠶᠠᠨ ᠬᠠ‍᠂ᠪᠠᠳᠤᠳᠤᠯᠭ᠎ᠠ ᠲᠠᠠ ᠳᠤ ᠢᠯᠡᠭᠡᠵᠦ ᠪᠠᠢᠢᠭ᠎ᠠ ᠬᠠᠯᠠᠭᠤᠨ ᠮᠡᠨᠳᠦᠴᠢᠯᠡᠭᠡ ᠢᠢ ᠤᠯᠠᠮᠵᠢᠯᠠᠵᠤ ᠪᠠᠢᠢᠨ᠎ᠠ》 ᠭᠡᠯ᠎ᠡ᠃

ᠮᠥᠨ ᠡᠯᠴᠢᠨ ᠰᠠᠢᠢᠳ ᠣ ᠰᠢᠨ ᠬᠣ‍ 《ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ᠂ ᠮᠣᠩᠭ᠋ᠤᠯ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠲᠣᠬᠢᠶᠠᠵᠤ ᠪᠠᠢᠢᠨ᠎ᠠ᠃ ᠴᠢᠨᠠᠭᠰᠢᠳᠠ 70 ᠵᠢᠯ ᠦᠨ ᠤᠯᠠᠮᠵᠢᠯᠠᠯᠲᠤ᠂ ᠨᠠᠢᠢᠷᠰᠠᠭ ᠬᠠᠷᠢᠯᠴᠠᠭ᠎ᠠ ᠪᠠᠨ ᠬᠥᠭᠵᠢᠭᠦᠯᠬᠦ ᠳᠥ ᠮᠠᠨ ᠤ ᠤᠯᠤᠰ ᠤᠨ ᠵᠠᠰᠠᠭ ᠤᠨ ᠭᠠᠵᠠᠷ ᠶᠡᠬᠡ ᠠᠩᠬᠠᠷᠤᠯ ᠬᠠᠨᠳᠤᠭᠤᠯᠵᠤ ᠪᠠᠢᠢᠭ᠎ᠠ᠃ ᠬᠣᠶᠠᠷ ᠤᠯᠤᠰ ᠤᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠲᠣᠬᠢᠶᠠᠬᠤ ᠡᠨᠡ ᠵᠢᠯ ᠳᠥ ᠮᠠᠨ ᠤ ᠲᠠᠯ᠎ᠠ ᠠᠴᠠ ᠲᠥᠷᠥᠯ ᠪᠦᠷᠢ ᠢᠢᠨ ᠰᠤᠶᠤᠯ ᠤᠨ ᠠᠷᠭ᠎ᠠ ᠬᠡᠮᠵᠢᠶ᠎ᠡ ᠢᠢ ᠵᠣᠬᠢᠶᠠᠨ ᠪᠠᠢᠢᠭᠤᠯᠬᠤ ᠪᠠᠷ ᠲᠥᠯᠥᠪᠯᠡᠵᠦ ᠪᠠᠢᠢᠨ᠎ᠠ᠃ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭ᠎ᠠ ᠴᠠᠭᠠᠰᠢᠳᠠ ᠴᠤ ᠭᠡᠰᠡᠨ ᠦᠷᠭᠦᠯᠵᠢᠯᠡᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃ ᠨᠣᠶᠠᠨ ᠶᠡᠷᠦᠩᠬᠡᠢᠢᠯᠡᠭᠴᠢ ᠬᠠ‍᠂ᠪᠠᠳᠤᠳᠤᠯᠭ᠎ᠠ ᠪᠣᠯᠤᠨ ᠵᠠᠰᠠᠭ ᠤᠨ ᠭᠠᠵᠠᠷ ᠤᠨ ᠪᠣᠳᠣᠯᠭ᠎ᠠ᠂ ᠤᠳᠤᠷᠢᠳᠤᠯᠭ᠎ᠠ ᠢᠢᠨ ᠳᠣᠣᠷ᠎ᠠ ᠮᠣᠩᠭ᠋ᠤᠯ ᠤᠯᠤᠰ ᠴᠡᠴᠡᠭᠯᠡᠨ ᠬᠥᠭ᠍ᠵᠢᠨ᠎ᠡ ᠭᠡᠳᠡᠭ ᠲᠥ ᠢᠲᠡᠭᠡᠯ ᠲᠡᠢ ᠪᠠᠢᠢᠨ᠎ᠠ》 ᠭᠡᠯ᠎ᠡ᠃

ᠬᠠᠷᠢᠨ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ‍᠂ᠪᠠᠳᠤᠳᠤᠯᠭ᠎ᠠ ᠡᠯᠴᠢᠨ ᠰᠠᠢᠢᠳ ᠣ ᠰᠢᠨ ᠬᠣ‍ ᠳᠤ ᠬᠠᠨᠳᠤᠨ 《ᠮᠣᠩᠭ᠋ᠤᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠶᠠᠷ ᠲᠣᠮᠢᠯᠠᠭᠳᠠᠨ ᠠᠵᠢᠯᠯᠠᠵᠤ ᠪᠠᠢᠢᠭ᠎ᠠ ᠳᠤ ᠪᠠᠶᠠᠷ ᠬᠦᠷᠭᠡᠶ᠎ᠡ᠃ ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠲᠣᠬᠢᠶᠠᠵᠤ ᠪᠠᠢᠢᠭ᠎ᠠ ᠡᠨᠡ ᠦᠶ᠎ᠡ ᠳᠥ ᠡᠯᠴᠢᠨ ᠰᠠᠢᠢᠳ ᠢᠶᠠᠷ ᠲᠣᠮᠢᠯᠠᠭᠳᠠᠨ ᠢᠷᠡᠵᠦ ᠪᠠᠢᠢᠭ᠎ᠠ ᠲᠠᠨᠢ ᠴᠢᠬᠤᠯᠠ ᠡᠭᠦᠷᠭᠡ ᠪᠢᠯᠡ᠃ ᠲᠡᠢᠢᠮᠦ ᠡᠴᠡ ᠴᠢᠨᠠᠭᠰᠢᠳᠠ ᠲᠠᠨ ᠤ ᠣᠷᠣᠯᠴᠠᠭ᠎ᠠ ᠲᠠᠢ ᠪᠠᠷ ᠬᠣᠶᠠᠷ ᠣᠷᠣᠨ ᠤ ᠨᠠᠢᠢᠷᠰᠠᠭ ᠬᠠᠷᠢᠯᠴᠠᠭ᠎ᠠ ᠤᠯᠠᠮ ᠪᠡᠬᠢᠵᠢᠨ᠎ᠡ ᠭᠡᠳᠡᠭ ᠲᠥ ᠢᠲᠡᠭᠡᠯ ᠲᠡᠢ ᠪᠠᠢᠢᠨ᠎ᠠ》 ᠭᠡᠯ᠎ᠡ᠃

ᠮᠥᠨ 《ᠬᠥᠳᠡᠭᠡ ᠠᠵᠤ ᠠᠬᠤᠢ ᠢᠢᠨ ᠰᠠᠯᠪᠤᠷᠢ᠂ ᠰᠫᠣᠷᠲ ᠤᠨ ᠰᠠᠯᠪᠤᠷᠢ ᠳᠤ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠲᠠᠢ ᠬᠠᠮᠲᠤᠷᠠᠨ ᠠᠵᠢᠯᠯᠠᠬᠤ ᠳᠤ ᠪᠠᠨ ᠲᠠᠭᠠᠲᠠᠢ ᠪᠠᠢᠢᠬᠤ ᠪᠣᠯᠤᠨ᠎ᠠ᠃ ᠲᠠᠨ ᠤ ᠡᠯᠴᠢᠨ ᠰᠠᠢᠢᠳ ᠤᠨ ᠠᠵᠢᠯ ᠳᠤ ᠠᠮᠵᠢᠯᠲᠠ ᠬᠦᠰᠡᠶ᠎ᠡ》 ᠭᠡᠯ᠎ᠡ᠃