Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄ ᠮᠣᠩ᠋ᠭᠣᠯᠴᠤᠳ ᠪᠢᠳᠡ ᠰᠥᠷᠭᠦᠯᠳᠦᠬᠦ ᠪᠤᠰᠤ ᠡᠪᠯᠡᠯᠳᠦᠬᠦ ᠴᠠᠭ ᠢᠷᠡᠭᠰᠡᠨ ᠲᠤᠯᠠ ᠦᠨᠳᠦᠰᠦᠨ ᠬᠠᠤᠯᠢ ᠢᠢᠨ ᠨᠡᠮᠡᠯᠲᠡ᠂ ᠥᠭᠡᠷᠡᠴᠢᠯᠡᠯᠲᠡ ᠢᠢ ᠨᠣᠲᠠᠯᠠᠨ ᠪᠠᠲᠤᠯᠠᠭᠠᠵᠢᠭᠤᠯᠵᠤ ᠪᠠᠢᠢᠨ᠎ᠠ

ᠠᠩ᠋ᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠢᠢᠷᠠᠮᠳᠠᠬᠤ ᠤᠯᠤᠰ ᠲᠤᠩ᠋ᠬᠠᠭᠯᠠᠨ ᠵᠠᠷᠯᠠᠭᠰᠠᠨ ᠤ 95 ᠵᠢᠯ ᠦᠨ ᠣᠢ ᠢᠢᠨ ᠪᠠᠶᠠᠷ ᠤᠨ ᠡᠨᠡ ᠡᠳᠦᠷ ᠮᠣᠩ᠋ᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠢᠢ ᠨᠣᠲᠠᠯᠠᠨ ᠪᠠᠲᠤᠯᠠᠭᠠᠵᠢᠭᠤᠯᠬᠤ ᠶᠣᠰᠣᠯᠠᠯ ᠲᠥᠷᠥ ᠢᠢᠨ ᠣᠷᠳᠣᠨ ᠤ ᠶᠣᠰᠣᠯᠠᠯ ᠬᠦᠨᠳᠦᠳᠬᠡᠯ ᠦᠨ ᠶᠡᠬᠡ ᠲᠠᠩᠬᠢᠮ ᠳᠤ ᠪᠣᠯᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠲᠥᠷᠥ ᠢᠢᠨ ᠲᠠᠮᠠᠭ᠎ᠠ ᠢᠢ ᠵᠠᠯᠠᠨ ᠢᠷᠡᠵᠦ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠮᠣᠩ᠋ᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ᠂ ᠮᠣᠩ᠋ᠭᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ ᠨᠠᠷ ᠶᠣᠰᠣᠯᠠᠯ ᠬᠦᠨᠳᠦᠳᠬᠡᠯ ᠦᠨ ᠲᠠᠩᠬᠢᠮ ᠳᠤ ᠬᠦᠷᠦᠯᠴᠡᠨ ᠢᠷᠡᠭᠰᠡᠨ ᠢᠶᠡᠷ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠢᠢ ᠨᠣᠲᠠᠯᠠᠨ ᠪᠠᠲᠤᠯᠠᠭᠠᠵᠢᠭᠤᠯᠬᠤ ᠶᠣᠰᠣᠯᠠᠯ ᠡᠬᠢᠯᠡᠪᠡ᠃

ᠤᠯᠠᠮ ᠢᠶᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ ᠥᠭᠡᠷᠡᠴᠢᠯᠡᠯᠲᠡ ᠢᠢᠨ ᠡᠬᠢ ᠳᠡᠭᠡᠷ᠎ᠡ᠄ 《2019 ᠣᠨ ᠤ 11  ᠳᠦᠭᠡᠷ ᠰᠠᠷ᠎ᠠ ᠢᠢᠨ 26 ᠍ ᠤ ᠡᠳᠦᠷ᠃ ᠮᠣᠩ᠋ᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠢᠢᠨ ᠤᠭ ᠡᠬᠢ ᠮᠥᠨ ᠪᠣᠯᠠᠢ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ》 ᠬᠡᠮᠡᠨ ᠭᠠᠷ ᠤᠨ ᠦᠰᠦᠭ ᠢᠶᠡᠨ ᠵᠢᠷᠤᠵᠤ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠲᠥᠷᠥ ᠢᠢᠨ ᠲᠠᠮᠠᠭ᠎ᠠ ᠳᠠᠷᠤᠭᠰᠠᠨ ᠢᠶᠠᠷ ᠨᠡᠮᠡᠯᠲᠡ᠂ ᠥᠭᠡᠷᠡᠴᠢᠯᠡᠯᠲᠡ ᠢᠢ ᠦᠨᠳᠦᠰᠦᠨ ᠬᠠᠤᠯᠢ ᠢᠢᠨ ᠤᠭ ᠡᠬᠢ ᠢᠢᠨ ᠬᠠᠮᠲᠤ ᠬᠠᠳᠠᠭᠠᠯᠠᠯ᠎ᠠ᠃

ᠦᠨᠳᠦᠰᠦᠨ ᠬᠠᠤᠯᠢ ᠢᠢᠨ ᠨᠡᠮᠡᠯᠲᠡ᠂ ᠥᠭᠡᠷᠡᠴᠢᠯᠡᠯᠲᠡ ᠢᠢ ᠨᠣᠲᠠᠯᠠᠨ ᠪᠠᠲᠤᠯᠠᠭᠠᠵᠢᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄
《 ᠮᠣᠩ᠋ᠭᠣᠯᠴᠤᠳ ᠠ᠋᠂

ᠤᠯᠤᠰ ᠤᠨ ᠶᠡᠬᠡ ᠬᠤᠷᠠᠯ ᠤᠨ ᠡᠷᠬᠢᠮ ᠭᠡᠰᠢᠭᠦᠳ ᠡ᠂
ᠤᠯᠤᠰ ᠤᠨ ᠶᠡᠬᠡ ᠬᠤᠷᠠᠯ ᠤᠨ ᠳᠠᠷᠤᠭ᠎ᠠ ᠠ᠋᠂
᠋ᠶᠡᠷᠦᠩᠬᠡᠢ ᠰᠠᠢᠢᠳ ᠠ᠋

ᠠᠩ᠋ᠬᠠᠳᠤᠭᠠᠷ ᠦᠨᠳᠦᠰᠦᠨ ᠬᠠᠤᠯᠢ ᠢᠢᠨ 95 ᠵᠢᠯ ᠦᠨ ᠣᠢ ᠢᠢᠨ ᠡᠨᠡ ᠡᠳᠦᠷ ᠮᠣᠩ᠋ᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠢᠢ ᠨᠣᠲᠠᠯᠠᠨ ᠪᠠᠲᠤᠯᠠᠭᠠᠵᠢᠭᠤᠯᠤᠯ᠎ᠠ᠃

1992 ᠣᠨ ᠤ ᠠᠷᠠᠳᠴᠢᠯᠠᠭᠰᠠᠨ ᠰᠢᠨ᠎ᠡ ᠦᠨᠳᠦᠰᠦᠨ ᠬᠠᠤᠯᠢ ᠢᠢ ᠣᠷᠴᠢᠨ ᠴᠠᠭ ᠤᠨ ᠱᠠᠭᠠᠷᠳᠠᠯᠭ᠎ᠠ᠂ ᠨᠡᠢᠢᠭᠡᠮ ᠤᠨ ᠬᠡᠷᠡᠭᠴᠡᠭᠡᠨ ᠳᠥ ᠲᠣᠬᠢᠷᠠᠭᠤᠯᠤᠨ ᠥᠭᠡᠷᠡᠴᠢᠯᠡᠬᠦ ᠠᠰᠠᠭᠤᠳᠠᠯ ᠢ ᠮᠣᠩ᠋ᠭᠣᠯ  ᠤᠨ ᠣᠯᠠᠨ ᠨᠡᠢᠢᠲᠡ᠂ ᠤᠯᠤᠰ ᠲᠥᠷᠥ ᠢᠢᠨ ᠬᠦᠷᠢᠶᠡᠨ ᠳᠥ ᠰᠡᠭᠦᠯ ᠦᠨ 11 ᠵᠢᠯ ᠦᠨ ᠲᠤᠷᠰᠢ ᠢᠳᠡᠪᠬᠢᠲᠡᠢ ᠬᠡᠯᠡᠯᠴᠡᠵᠦ᠂ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠵᠦᠭ ᠡᠴᠡ ᠳᠥᠷᠪᠡᠨ ᠤᠳᠠᠭ᠎ᠠ ᠲᠥᠰᠥᠯ ᠡᠷᠭᠦᠨ ᠪᠠᠷᠢᠵᠠᠢ᠃

ᠮᠢᠨᠦ ᠪᠡᠶ᠎ᠡ ᠤᠯᠤᠰ ᠤᠨ ᠶᠡᠬᠡ ᠬᠤᠷᠠᠯ ᠤᠨ 2018 ᠣᠨ ᠤ ᠨᠠᠮᠤᠷ ᠤᠨ ᠴᠢᠭᠤᠯᠭᠠᠨ ᠤ ᠨᠡᠭᠡᠭᠡᠯᠲᠡ ᠳᠡᠭᠡᠷ᠎ᠡ ᠦᠨᠳᠦᠰᠦᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ ᠵᠠᠮ ᠢᠶᠠᠷ ᠵᠠᠰᠠᠭᠯᠠᠯ ᠤᠨ ᠲᠣᠭᠲᠠᠯᠴᠠᠭᠠᠨ ᠤ ᠵᠣᠬᠢᠰᠲᠤ ᠬᠡᠯᠪᠡᠷᠢ ᠢᠢ ᠰᠤᠩ᠋ᠭᠤᠬᠤ ᠪᠣᠯᠤᠨ ᠤᠯᠤᠰ ᠲᠥᠷᠥ᠂ ᠨᠡᠢᠢᠭᠡᠮ ᠤᠨ ᠬᠤᠷᠢᠮᠲᠠᠯᠠᠭᠳᠠᠭᠰᠠᠨ ᠠᠰᠠᠭᠤᠳᠠᠯ ᠤᠳ ᠢ ᠨᠢᠭᠡ ᠮᠥᠷ ᠰᠢᠢᠳᠬᠦ᠂ ᠡᠷᠡᠰ ᠥᠭᠡᠷᠡᠴᠢᠯᠡᠯᠲᠡ ᠬᠢᠬᠦ ᠢᠢ ᠫᠠᠷᠯᠠᠮᠧᠨ᠋ᠲ ᠤᠨ ᠭᠡᠰᠢᠭᠦᠳ ᠲᠥ ᠤᠷᠢᠶᠠᠯᠠᠭᠰᠠᠨ ᠪᠢᠯᠡ᠃ ᠥᠩᠭᠡᠷᠡᠭᠰᠡᠨ ᠬᠠᠪᠤᠷ ᠤᠨ ᠴᠢᠭᠤᠯᠭᠠᠨ ᠢᠶᠠᠷ ᠤᠯᠤᠰ ᠤᠨ ᠶᠡᠬᠡ ᠬᠤᠷᠠᠯ ᠦᠨᠳᠦᠰᠦᠨ ᠬᠠᠤᠯᠢ ᠢᠢᠨ ᠨᠡᠮᠡᠯᠲᠡ᠂ ᠥᠭᠡᠷᠡᠴᠢᠯᠡᠯᠲᠡ ᠢᠢ ᠬᠡᠯᠡᠯᠴᠡᠬᠦ ᠪᠡᠷ ᠰᠢᠯᠤᠭᠤᠳᠠᠵᠤ᠂ ᠨᠡᠢᠢᠭᠡᠮ ᠤᠨ ᠵᠠᠬᠢᠶᠠᠯᠠᠭ᠎ᠠ ᠢᠢ ᠬᠠᠭᠠᠰ ᠪᠣᠯᠪᠠᠴᠤ ᠪᠡᠶᠡᠯᠡᠭᠦᠯᠦᠭᠡᠳ ᠪᠠᠢᠢᠭ᠎ᠠ ᠢᠢ ᠪᠢᠳᠡ ᠴᠢᠮᠠᠯᠠᠬᠤ ᠬᠡᠷᠡᠭ ᠦᠭᠡᠢ ᠪᠠᠢᠢᠬᠤ᠃

ᠡᠨᠡ ᠤᠳᠠᠭ᠎ᠠ ᠢᠢᠨ ᠤᠯᠤᠰ ᠤᠨ ᠶᠡᠬᠡ ᠬᠤᠷᠠᠯ ᠡᠷᠡᠰ ᠥᠭᠡᠷᠡᠴᠢᠯᠡᠯᠲᠡ ᠬᠢᠵᠦ ᠴᠢᠳᠠᠭ᠎ᠠ ᠦᠭᠡᠢ ᠴᠤ ᠤᠷᠤᠭᠰᠢ ᠬᠠᠭᠠᠰ ᠠᠯᠬᠤᠯ᠎ᠠ᠃ ᠤᠭ ᠨᠢ ᠨᠢᠭᠡ ᠮᠥᠷ ᠰᠢᠢᠳᠬᠦ ᠣᠯᠠᠨ ᠠᠰᠠᠭᠤᠳᠠᠯ ᠰᠢᠢᠳᠦᠯ ᠢᠶᠡᠨ ᠬᠦᠯᠢᠶᠡᠵᠦ ᠪᠠᠢᠢᠭᠰᠠᠨ ᠪᠣᠯᠪᠠᠴᠤ ᠣᠯᠢᠭᠠᠷᠬᠢ ᠴᠥᠭᠡᠩᠬᠢ ᠢᠢᠨ ᠡᠷᠬᠡᠰᠢᠶᠡᠯ ᠳᠥ ᠪᠠᠭᠲᠠᠭᠰᠠᠨ ᠪᠦᠯᠦᠭᠯᠡᠯ ᠦᠳ ᠦᠨ ᠶᠠᠪᠤᠭᠤᠯᠭ᠎ᠠ ᠪᠠᠷ ᠪᠦᠲᠦᠨ ᠤᠷᠤᠭᠰᠢ ᠠᠯᠬᠤᠵᠤ ᠴᠢᠳᠠᠭᠰᠠᠨ ᠦᠭᠡᠢ᠃ ᠪᠢᠳᠡ ᠰᠣᠩ᠋ᠭᠣᠭᠤᠯᠢ ᠢᠢᠨ ᠲᠣᠭᠲᠠᠯᠴᠠᠭ᠎ᠠ ᠢᠢ ᠪᠠᠨ ᠣᠨᠣᠪᠴᠢᠲᠠᠢ ᠪᠣᠯᠭᠠᠵᠤ ᠮᠥᠨ ᠴᠢᠳᠠᠭᠰᠠᠨ ᠦᠭᠡᠢ᠃ ᠵᠢᠯᠠᠭ᠎ᠠ ᠳᠣᠪᠣᠨ ᠤ ᠲᠥᠯᠥᠭᠡᠯᠡᠯ ᠬᠡᠪ ᠢᠶᠡᠷ ᠪᠠᠢᠢᠬᠤ ᠦᠵᠡᠯ ᠰᠠᠨᠠᠭ᠎ᠠ ᠠᠮᠢ ᠪᠥᠬᠡ ᠲᠡᠢ ᠵᠠᠭᠤᠷᠠᠵᠤ ᠦᠯᠡᠳᠡᠭᠰᠡᠨ᠃

ᠭᠡᠬᠦ ᠳᠥ ᠪᠡᠨ ᠯᠠ ᠴᠢᠮᠠᠯᠠᠬᠤ ᠪᠠᠷ ᠴᠢᠩ᠋ᠭ᠎ᠠ ᠠᠳᠬᠤᠬᠤ ᠴᠠᠭ ᠢᠷᠡᠵᠡᠢ᠃ ᠦᠭᠡᠢ ᠪᠣᠯ ᠪᠢᠳᠡ ᠳᠠᠬᠢᠭᠠᠳ ᠨᠠᠢᠢᠮᠠᠨ ᠵᠢᠯ ᠬᠦᠯᠢᠶᠡᠬᠦ ᠳᠥ ᠬᠦᠷᠡᠨ᠎ᠡ᠃ ᠤᠯᠤᠰ ᠣᠷᠣᠨ ᠤ ᠬᠥᠭ᠍ᠵᠢᠯ ᠲᠡᠷᠡ ᠬᠤᠭᠤᠴᠠᠭ᠎ᠠ ᠪᠠᠷ ᠰᠠᠭᠠᠷᠠᠵᠤ᠂ ᠨᠡᠢᠢᠭᠡᠮ ᠤᠨ ᠵᠣᠬᠢᠴᠠᠭᠤᠯᠤᠯᠲᠠ ᠴᠠᠭ ᠦᠶ᠎ᠡ ᠢᠢᠨ ᠱᠠᠭᠠᠷᠳᠠᠯᠭ᠎ᠠ ᠠᠴᠠ ᠬᠣᠴᠣᠷᠠᠨ ᠰᠤᠭᠤᠷᠠᠵᠤ ᠦᠯᠡᠳᠡᠬᠦ ᠪᠣᠯᠤᠨ᠎ᠠ᠃ ᠲᠥᠷᠥ ᠤᠯᠤᠰ ᠣᠷᠣᠨ ᠢ ᠤᠳᠤᠷᠢᠳᠬᠤ᠂ ᠵᠣᠬᠢᠴᠠᠭᠤᠯᠬᠤ ᠴᠢᠳᠠᠪᠤᠷᠢ ᠪᠠᠨ ᠪᠦᠷᠢᠨ ᠠᠯᠳᠠᠬᠤ᠂ ᠡᠨᠡ ᠨᠢ ᠣᠯᠠᠨ ᠵᠦᠢᠯ ᠦᠨ ᠡᠷᠦᠰᠳᠡᠯ ᠢ ᠳᠠᠭᠠᠭᠤᠯᠬᠤ ᠤᠷᠰᠢᠭ ᠲᠠᠢ ᠪᠠᠢᠢᠬᠤ ᠪᠠᠷ ᠨᠥᠬᠥᠴᠡᠯ ᠪᠦᠷᠢᠳᠴᠡᠢ᠃

ᠤᠴᠢᠷ ᠡᠢᠢᠮᠦ ᠳᠥ ᠤᠯᠤᠰ ᠣᠷᠣᠨ ᠤ ᠡᠷᠬᠡ ᠠᠰᠢᠭ ᠢ ᠡᠩ ᠲᠡᠷᠢᠭᠦᠨ ᠳᠥ ᠡᠷᠬᠢᠮᠯᠡᠬᠦ᠂ ᠦᠨᠳᠦᠰᠦᠨ ᠦ ᠡᠪ ᠨᠢᠭᠡᠳᠦᠯ ᠢ ᠪᠦᠬᠦᠨ ᠡᠴᠡ ᠳᠡᠭᠡᠭᠦᠷ ᠡᠷᠢᠮᠪᠡᠯᠡᠬᠦ ᠵᠠᠷᠴᠢᠮ ᠤᠨ ᠡᠭᠦᠳᠡᠨ ᠡᠴᠡ ᠦᠨᠳᠦᠰᠦᠨ ᠬᠠᠤᠯᠢ ᠢᠢᠨ ᠨᠡᠮᠡᠯᠲᠡ᠂ ᠥᠭᠡᠷᠡᠴᠢᠯᠡᠯᠲᠡ ᠢᠢ ᠰᠣᠶᠣᠷᠬᠠᠨ ᠪᠠᠲᠤᠯᠠᠬᠤ᠂ ᠶᠣᠰᠣᠴᠢᠯᠠᠬᠤ ᠨᠢ ᠵᠦᠢᠲᠡᠢ ᠭᠡᠵᠦ ᠦᠵᠡᠯ᠎ᠡ᠃

ᠪᠦᠬᠦᠨ ᠦ ᠲᠦᠷᠦᠭᠦᠨ ᠳᠥ ᠮᠣᠩ᠋ᠭᠣᠯ  ᠤᠨ ᠡᠷᠬᠡ ᠠᠰᠢᠭ᠂ ᠠᠷᠠᠳ ᠲᠦᠮᠡᠨ ᠦ ᠢᠷᠡᠭᠡᠳᠦᠢ ᠢᠢᠨ ᠰᠠᠢᠢᠨ ᠰᠠᠢᠢᠬᠠᠨ ᠡᠷᠢᠮᠪᠡᠯᠡᠭᠳᠡᠬᠦ ᠤᠴᠢᠷ ᠲᠠᠢ ᠢᠢ ᠬᠡᠨ ᠴᠤ᠂ ᠬᠡᠷᠬᠢᠪᠡᠴᠦ ᠮᠠᠷᠲᠠᠵᠤ ᠪᠣᠯᠬᠤ ᠦᠭᠡᠢ᠃ ᠮᠣᠩ᠋ᠭᠣᠯᠴᠤᠳ ᠪᠢᠳᠡ ᠰᠥᠷᠭᠦᠯᠳᠦᠬᠦ ᠪᠤᠰᠤ ᠡᠪᠯᠡᠯᠳᠦᠬᠦ᠂ ᠬᠣᠢᠢᠰᠢ ᠪᠠᠨ ᠴᠢᠩ᠋ᠭᠠᠭᠠᠬᠤ ᠪᠢᠰᠢ ᠤᠷᠤᠭᠰᠢ ᠲᠡᠮᠡᠦᠯᠬᠦ ᠴᠠᠭ ᠢᠷᠡᠭᠰᠡᠨ ᠲᠤᠯᠠ ᠡᠢᠢᠨ ᠬᠦ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠢᠢ ᠨᠣᠲᠠᠯᠠᠨ ᠪᠠᠲᠤᠯᠠᠭᠠᠵᠢᠭᠤᠯᠵᠤ ᠪᠠᠢᠢᠨ᠎ᠠ᠃

ᠢᠷᠭᠡᠨ ᠪᠦᠷᠢ ᠤᠩᠰᠢᠲᠤᠭᠠᠢ᠂ ᠤᠬᠠᠭᠠᠷᠠᠲᠤᠭᠠᠢ᠂ ᠳᠠᠭᠠᠲᠤᠭᠠᠢ᠃

ᠮᠥᠩᠬᠡ ᠲᠩᠷᠢ ᠢᠢᠨ ᠬᠦᠴᠦᠨ ᠳᠦᠷ ᠮᠣᠩ᠋ᠭᠣᠯ ᠳᠠᠶᠠᠭᠠᠷ ᠬᠠᠤᠯᠢ ᠶᠣᠰᠣ ᠲᠡᠭᠰᠢ ᠦᠢᠯᠡᠴᠢᠯᠡᠵᠦ᠂ ᠵᠣᠨ ᠣᠯᠠᠨ ᠰᠢᠳᠤᠷᠭᠤ ᠲᠥᠷᠥ ᠢᠢᠨ ᠳᠠᠯᠪᠠᠭᠠᠨ ᠳᠣᠣᠷ᠎ᠠ ᠡᠩᠬᠡ ᠲᠤᠩᠬ᠎ᠠ ᠵᠢᠷᠭᠠᠬᠤ ᠪᠣᠯᠲᠤᠭᠠᠢ》 ᠭᠡᠵᠦ ᠬᠡᠯᠡᠯ᠎ᠡ᠃

ᠮᠣᠩ᠋ᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ ᠥᠭᠡᠷᠡᠴᠢᠯᠡᠯᠲᠡ ᠢᠢ ᠨᠣᠲᠠᠯᠠᠨ ᠪᠠᠲᠤᠯᠠᠭᠠᠵᠢᠭᠤᠯᠬᠤ ᠶᠣᠰᠣᠯᠠᠯ ᠳᠤ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠳ᠂ ᠠᠷᠠᠳ ᠤᠨ ᠶᠡᠬᠡ ᠬᠤᠷᠠᠯ ᠤᠨ ᠳ᠋ᠧᠫᠦᠢᠲ᠋ᠠᠲ ᠤᠳ᠂ ᠡᠷᠳᠡᠮᠲᠡᠨ ᠰᠤᠳᠤᠯᠤᠭᠠᠴᠢᠳ᠂ ᠲᠥᠷᠥ ᠢᠢᠨ ᠪᠣᠯᠤᠨ ᠲᠥᠷᠥ ᠢᠢᠨ ᠪᠤᠰᠤ ᠪᠠᠢᠢᠭᠤᠯᠤᠯᠭ᠎ᠠ ᠢᠢᠨ ᠵᠣᠴᠢᠳ ᠲᠥᠯᠥᠭᠡᠯᠡᠭᠴᠢᠳ᠂ ᠢᠷᠭᠡᠳ ᠦᠨ ᠲᠥᠯᠥᠭᠡᠯᠡᠯ᠂ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠢᠢᠨ ᠠᠵᠢᠯᠲᠠᠨ ᠨᠤᠭᠤᠳ ᠣᠷᠣᠯᠴᠠᠯ᠎ᠠ᠃