Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠪᠠᠬᠠᠷᠬᠠᠯ ᠤᠨ ᠡᠳᠦᠷ ᠢ ᠲᠣᠬᠢᠶᠠᠯᠳᠤᠭᠤᠯᠤᠨ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠪᠡ

ᠲᠤᠯᠭᠤᠷ ᠲᠥᠷᠦ ᠢᠢᠨ 2228 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 813 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 108 ᠵᠢᠯ᠂ ᠠᠷᠠᠳ ᠤᠨ ᠬᠤᠪᠢᠰᠬᠠᠯ ᠤᠨ 98 ᠵᠢᠯ᠂ ᠠᠷᠠᠳᠴᠢᠯᠠᠭᠰᠠᠨ ᠬᠤᠪᠢᠰᠬᠠᠯ ᠤᠨ 30 ᠵᠢᠯ᠂ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠦ 857 ᠵᠢᠯ ᠦᠨ ᠣᠢ-ᠮᠣᠩ᠋ᠭᠣᠯ ᠪᠠᠬᠠᠷᠬᠠᠯ ᠤᠨ ᠡᠳᠦᠷ ᠲᠣᠬᠢᠶᠠᠵᠤ ᠪᠠᠢᠢᠨ᠎ᠠ᠃

ᠲᠡᠦᠬᠡᠨ ᠣᠢ ᠢᠢᠨ ᠡᠳᠦᠷ ᠦᠳ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ᠂ ᠮᠣᠩ᠋ᠭᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ᠂ ᠲᠥᠷᠦ ᠢᠢᠨ ᠥᠨᠳᠦᠷ ᠠᠯᠪᠠᠨ ᠲᠤᠰᠢᠶᠠᠯᠲᠠᠨ ᠨᠤᠭᠤᠳ᠂ 《ᠴᠢᠩᠭᠢᠰ ᠬᠠᠭᠠᠨ》 ᠣᠳᠣᠨ ᠳᠤ ᠡᠷᠬᠢᠮ ᠦᠳ᠂ ᠣᠳᠤᠨ ᠭᠠᠷᠳᠠᠭᠤᠯᠬᠤ ᠶᠣᠰᠣᠯᠠᠯ ᠳᠤ ᠤᠷᠢᠭᠳᠠᠭᠰᠠᠨ ᠬᠦᠨᠳᠦᠲᠦ ᠵᠣᠴᠢᠳ ᠲᠥᠯᠦᠭᠡᠯᠡᠭᠴᠢᠳ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠯ᠎ᠡ᠃