ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠦ 857 ᠵᠢᠯ ᠦᠨ ᠣᠢ-ᠮᠣᠩ᠋ᠭᠣᠯ ᠪᠠᠬᠠᠷᠬᠠᠯ ᠤᠨ ᠡᠳᠦᠷ ᠪᠣᠯᠤᠨ ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠢᠢᠷᠠᠮᠳᠠᠬᠤ ᠤᠯᠤᠰ ᠲᠤᠩᠬᠠᠭᠯᠠᠭᠰᠠᠨ ᠤ 95 ᠵᠢᠯ ᠦᠨ ᠣᠢ ᠢᠢᠨ ᠪᠠᠶᠠᠷ ᠤᠨ ᠡᠳᠦᠷ ᠲᠥ ᠵᠣᠷᠢᠭᠤᠯᠤᠭᠰᠠᠨ ᠥᠨᠳᠥᠷ ᠴᠢᠨᠰᠠᠭ᠎ᠠ ᠲᠠᠢ᠂ ᠰᠢᠯᠢᠳᠡᠭ 128 ᠪᠥᠬᠡ ᠢᠢᠨ ᠪᠠᠷᠢᠯᠳᠤᠭᠠᠨ 《ᠪᠤᠶᠠᠨᠲᠤ-ᠬᠤᠸᠠ》 ᠰᠫᠣᠷᠲ ᠴᠣᠭᠴᠠᠯᠠᠪᠤᠷᠢ ᠳᠤ ᠪᠣᠯᠵᠤ ᠪᠠᠢᠢᠨ᠎ᠠ᠃
ᠪᠥᠬᠡ ᠢᠢᠨ ᠪᠠᠷᠢᠯᠳᠤᠭᠠᠨ ᠢ ᠨᠡᠭᠡᠭᠡᠵᠦ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠭᠡ ᠬᠡᠯᠡᠯ᠎ᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠄
《ᠮᠣᠩ᠋ᠭᠣᠯᠴᠤᠳ ᠠ᠋᠂
ᠬᠦᠷᠦᠯᠴᠡᠨ ᠢᠷᠡᠭᠰᠡᠨ ᠵᠣᠴᠢᠳ ᠠ᠋
ᠳᠡᠯᠡᠬᠡᠢ ᠳᠠᠶᠠᠭᠠᠷ ᠲᠤ ᠲᠠᠷᠬᠠᠨ ᠰᠠᠭᠤᠷᠢᠰᠢᠭᠰᠠᠨ ᠮᠣᠩ᠋ᠭᠣᠯᠴᠤᠳ ᠠ᠋
ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠦ 857 ᠵᠢᠯ ᠦᠨ ᠣᠢ ᠪᠣᠯᠤᠨ ᠠᠩᠬᠠᠳᠤᠭᠠᠷ ᠦᠨᠳᠦᠰᠦᠨ ᠬᠠᠤᠯᠢ᠂ ᠪᠦᠭᠦᠳᠡ ᠨᠠᠢᠢᠷᠠᠮᠳᠠᠬᠤ ᠵᠠᠰᠠᠭᠯᠠᠯ ᠤᠨ 95 ᠵᠢᠯ ᠦᠨ ᠣᠢ ᠳᠠᠷᠠᠭᠠᠯᠠᠭᠰᠠᠨ ᠬᠣᠪᠣᠷᠬᠠᠨ ᠪᠡᠯᠭᠡᠰᠢᠶᠡᠯᠳᠦ ᠡᠳᠦᠷ ᠦᠳ ᠲᠣᠬᠢᠶᠠᠵᠤ ᠪᠠᠢᠢᠨ᠎ᠠ᠃ ᠡᠢᠢᠮᠦ ᠡᠴᠡ ᠥᠨᠥᠳᠥᠷ ᠡᠨᠡ ᠬᠣᠶᠠᠷ ᠪᠠᠶᠠᠷ ᠲᠤ ᠵᠣᠷᠢᠭᠤᠯᠤᠭᠰᠠᠨ ᠬᠦᠴᠦᠲᠦ ᠪᠥᠬᠡ ᠢᠢᠨ ᠪᠠᠷᠢᠯᠳᠤᠭᠠᠨ ᠢ ᠨᠢᠭᠡᠳᠬᠡᠨ ᠵᠣᠬᠢᠶᠠᠨ ᠪᠠᠢᠢᠭᠤᠯᠵᠤ ᠪᠠᠢᠢᠭ᠎ᠠ ᠶᠤᠮ᠃
ᠪᠠᠶᠠᠷ ᠤᠨ ᠡᠨᠡ ᠡᠳᠦᠷ ᠦᠳ ᠲᠥ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠢᠢᠨ ᠤᠭ ᠡᠬᠢ ᠢᠢ ᠨᠣᠲᠠᠯᠠᠨ ᠪᠠᠲᠤᠯᠠᠭᠠᠵᠢᠭᠤᠯᠤᠭᠰᠠᠨ᠂ ᠮᠥᠨ ᠡᠪᠦᠭᠡ ᠳᠡᠭᠡᠳᠦᠰ ᠦᠨ ᠢᠶᠡᠨ ᠰᠤᠤ ᠠᠯᠳᠠᠷ᠂ ᠦᠨᠳᠦᠰᠦᠨ ᠦ ᠤᠯᠠᠮᠵᠢᠯᠠᠯᠲᠤ ᠤᠷᠠᠯᠢᠭ ᠤᠨ ᠳᠤᠮᠳᠠᠷᠠᠰᠢ ᠦᠭᠡᠢ ᠥᠪ ᠰᠤᠶᠤᠯ ᠢ ᠳᠡᠯᠡᠬᠡᠢ ᠳᠠᠬᠢᠨ ᠳᠤ ᠪᠠᠬᠠᠷᠬᠠᠯᠲᠠᠢ ᠪᠠᠷ ᠲᠦᠭᠡᠭᠡᠵᠦ ᠶᠠᠪᠤᠭ᠎ᠠ 《ᠾᠦ᠋》 ᠷᠣᠺ ᠬᠠᠮᠲᠤᠯᠢᠭ ᠢ ᠲᠥᠷᠥ ᠢᠢᠨ ᠳᠡᠭᠡᠳᠦ ᠱᠠᠩᠨᠠᠯ᠂ ᠲᠡᠷᠢᠭᠦᠨ ᠵᠡᠷᠭᠡ ᠢᠢᠨ 《ᠴᠢᠩᠭᠢᠰ ᠬᠠᠭᠠᠨ》 ᠣᠳᠣᠨ ᠢᠶᠠᠷ ᠱᠠᠩᠨᠠᠭᠰᠠᠨ ᠵᠡᠷᠭᠡ ᠴᠢᠬᠤᠯᠠ ᠦᠢᠯᠡ ᠶᠠᠪᠤᠳᠠᠯ ᠤᠳ ᠴᠤ ᠲᠣᠬᠢᠶᠠᠯ᠎ᠠ᠃
1924 ᠣᠨ ᠤ 11 ᠳᠦᠭᠡᠷ ᠰᠠᠷ᠎ᠠ ᠢᠢᠨ 26 ᠍ ᠤ ᠡᠳᠦᠷ ᠪᠣᠯ ᠮᠣᠩ᠋ᠭᠣᠯ ᠤᠨ ᠲᠡᠦᠬᠡ ᠢᠢᠨ ᠴᠢᠬᠤᠯᠠ ᠨᠢᠭᠡᠨ ᠴᠡᠭ ᠪᠠᠢᠢᠪᠠ᠃ ᠡᠨᠡ ᠡᠳᠦᠷ ᠮᠣᠩ᠋ᠭᠣᠯᠴᠤᠳ ᠠᠩᠬᠠᠳᠤᠭᠠᠷ ᠦᠨᠳᠦᠰᠦᠨ ᠬᠠᠤᠯᠢ ᠪᠠᠨ ᠰᠠᠨᠠᠭ᠎ᠠ ᠨᠢᠭᠡᠲᠡᠢ ᠪᠡᠷ ᠪᠠᠲᠤᠯᠠᠭᠰᠠᠨ ᠤ ᠴᠠᠭᠠᠳᠤ ᠤᠴᠢᠷ ᠨᠢ 1924 ᠣᠨ ᠤ 5 ᠳ᠋ᠤᠭᠠᠷ ᠰᠠᠷ᠎ᠠ ᠢᠢᠨ 31 ᠍ ᠳᠥ ᠵᠥᠪᠯᠡᠯᠲᠦ ᠬᠣᠯᠪᠣᠭᠠᠲᠤ ᠤᠯᠤᠰ᠂ ᠪᠦᠭᠦᠳᠡ ᠨᠠᠢᠢᠷᠠᠮᠳᠠᠬᠤ ᠬᠢᠲᠠᠳ ᠤᠯᠤᠰ ᠤᠨ ᠬᠣᠭᠣᠷᠣᠨᠳᠣ ᠪᠠᠢᠢᠭᠤᠯᠤᠭᠰᠠᠨ ᠬᠡᠯᠡᠯᠴᠡᠭᠡᠷ ᠦᠨ 5 ᠳ᠋ᠤᠭᠠᠷ ᠵᠦᠢᠯ ᠳᠥ᠂ 《ᠵᠥᠪᠯᠡᠯᠲᠦ ᠬᠣᠯᠪᠣᠭᠠᠲᠤ ᠤᠯᠤᠰ ᠨᠢ ᠭᠠᠳᠠᠭᠠᠳᠤ ᠮᠣᠩ᠋ᠭᠣᠯ ᠢ ᠪᠦᠭᠦᠳᠡ ᠨᠠᠢᠢᠷᠠᠮᠳᠠᠬᠤ ᠬᠢᠲᠠᠳ ᠤᠯᠤᠰ ᠤᠨ ᠪᠦᠷᠢᠯᠳᠦᠬᠦᠨ ᠬᠡᠰᠡᠭ ᠭᠡᠵᠦ ᠬᠦᠯᠢᠶᠡᠨ ᠵᠥᠪᠰᠢᠶᠡᠷᠡᠵᠦ᠂ ᠬᠢᠲᠠᠳ ᠤᠨ ᠪᠦᠷᠢᠨ ᠡᠷᠬᠡ ᠢᠢ ᠬᠦᠨᠳᠦᠳᠬᠡᠨ᠎ᠡ》 ᠭᠡᠬᠦ ᠤᠳᠬ᠎ᠠ ᠪᠦᠬᠦᠢ ᠵᠢᠭᠠᠯᠲᠠ ᠣᠷᠣᠭᠤᠯᠤᠭᠰᠠᠨ ᠢ ᠡᠰᠡᠷᠭᠦᠴᠡᠨ ᠥᠪᠡᠷᠰᠡᠳ ᠦᠨ ᠲᠤᠰᠠᠭᠠᠷ ᠲᠣᠭᠲᠠᠨᠢᠯ᠂ ᠪᠦᠷᠢᠨ ᠡᠷᠬᠡ ᠢᠢ ᠲᠤᠩᠬᠠᠭᠯᠠᠬᠤ ᠳᠤ ᠣᠷᠣᠰᠢᠵᠤ ᠪᠠᠢᠢᠵᠠᠢ᠃
ᠮᠣᠩ᠋ᠭᠣᠯᠴᠤᠳ ᠥᠪᠡᠷᠰᠡᠳ ᠦᠨ ᠦᠨᠳᠦᠰᠦᠨ ᠬᠠᠤᠯᠢ ᠢᠢ ᠭᠠᠷᠭᠠᠨ ᠪᠠᠲᠤᠯᠠᠵᠤ᠂ ᠪᠦᠭᠦᠳᠡ ᠨᠠᠢᠢᠷᠠᠮᠳᠠᠬᠤ ᠵᠠᠰᠠᠭᠯᠠᠯ ᠳᠤ ᠰᠢᠯᠵᠢᠵᠦ ᠪᠠᠢᠢᠭ᠎ᠠ ᠪᠠᠨ ᠵᠠᠷᠯᠠᠭᠰᠠᠨ ᠨᠢ ᠬᠥᠷᠰᠢ ᠣᠷᠣᠨ ᠨᠤᠭᠤᠳ ᠤᠨ ᠬᠤᠤᠪᠢᠯᠳᠤᠭᠠᠨ᠂ ᠲᠤᠯᠭᠠᠯᠲᠠ ᠰᠢᠬᠠᠯᠲᠠ ᠢᠢ ᠦᠯᠦ ᠲᠣᠭᠣᠵᠤ ᠪᠠᠢᠢᠭ᠎ᠠ ᠪᠠᠨ᠂ ᠪᠢᠳᠡ ᠲᠤᠰᠠᠭᠠᠷ ᠤᠯᠤᠰ᠂ ᠥᠪᠡᠷᠰᠡᠳ ᠦᠨ ᠬᠦᠰᠡᠯ ᠵᠣᠷᠢᠭ ᠢᠶᠠᠷ ᠪᠠᠢᠢᠨ᠎ᠠ ᠭᠡᠳᠡᠭ ᠢᠶᠡᠨ ᠣᠯᠠᠨ ᠤᠯᠤᠰ ᠲᠤ᠂ ᠳᠡᠯᠡᠬᠡᠢ ᠳᠠᠬᠢᠨ ᠳᠤ ᠮᠡᠳᠡᠭᠳᠡᠭᠰᠡᠨ ᠬᠡᠷᠡᠭ ᠪᠣᠯᠤᠭᠰᠠᠨ ᠶᠤᠮ᠃ ᠪᠦᠭᠦᠳᠡ ᠨᠠᠢᠢᠷᠠᠮᠳᠠᠬᠤ ᠍ ᠮᠣᠩ᠋ᠭᠣᠯ ᠠᠷᠠᠳ ᠤᠯᠤᠰ ᠢ ᠲᠤᠩ᠋ᠬᠠᠭᠯᠠᠭᠰᠠᠨ ᠤ ᠲᠡᠦᠬᠡᠨ ᠦᠨ᠎ᠡ ᠴᠡᠨ ᠴᠤᠬᠤᠮ ᠬᠦ ᠡᠨᠳᠡ ᠯᠠ ᠣᠷᠣᠰᠢᠳᠠᠭ ᠢ ᠮᠠᠷᠲᠠᠯ ᠦᠭᠡᠢ ᠰᠠᠨᠠᠵᠤ ᠶᠠᠪᠤᠬᠤ ᠤᠴᠢᠷ ᠲᠠᠢ ᠶᠤᠮ᠂ ᠪᠢᠳᠡ᠃
ᠳᠡᠭᠡᠳᠦ ᠲᠩᠷᠢ ᠡᠴᠡ ᠵᠠᠶᠠᠭᠠᠲᠤ ᠶᠡᠬᠡ ᠡᠵᠡᠨ ᠪᠣᠭᠳᠠ ᠴᠢᠩᠭᠢᠰ ᠬᠠᠭᠠᠨ ᠤ ᠮᠡᠨᠳᠦᠯᠡᠭᠰᠡᠨ ᠡᠳᠦᠷ ᠪᠣᠯ ᠮᠣᠩ᠋ᠭᠣᠯ ᠪᠢᠳᠡᠨ ᠦ ᠬᠤᠪᠢ ᠳᠤ ᠠᠰᠤᠷᠤ ᠶᠡᠬᠡ ᠤᠳᠬ᠎ᠠ ᠤᠴᠢᠷ᠂ ᠠᠭᠤᠯᠭ᠎ᠠ᠂ ᠪᠠᠬᠠᠳᠤᠯ ᠣᠮᠣᠭᠰᠢᠯ ᠢ ᠢᠯᠡᠷᠬᠡᠢᠢᠯᠡᠳᠡᠭ ᠪᠠᠶᠠᠷ᠃ ᠳᠡᠪᠡᠯ ᠲᠡᠢ᠂ ᠴᠥᠭᠡᠬᠡᠨ ᠮᠣᠩ᠋ᠭᠣᠯᠴᠤᠳ ᠢᠶᠠᠨ ᠳᠠᠭᠠᠭᠤᠯᠤᠭᠰᠠᠭᠠᠷ ᠳᠡᠯᠡᠬᠡᠢ ᠢᠢᠨ ᠲᠡᠦᠬᠡ ᠢᠢ ᠲᠣᠳᠣᠷᠬᠠᠢᠢᠯᠠᠬᠤ ᠵᠡᠷᠭᠡ ᠳᠥ ᠬᠦᠷᠭᠡᠭ᠍ᠰᠡᠨ ᠠᠤᠭ᠎ᠠ ᠶᠡᠬᠡ ᠤᠳᠤᠷᠢᠳᠤᠭᠴᠢ ᠴᠢᠩᠭᠢᠰ ᠬᠠᠭᠠᠨ ᠪᠣᠯ ᠦᠶ᠎ᠡ ᠡᠴᠡ ᠦᠶ᠎ᠡ ᠳᠥ᠂ ᠤᠯᠤᠰ ᠠᠴᠠ ᠤᠯᠤᠰ ᠲᠤ᠂ ᠤᠳᠤᠮ ᠠᠴᠠ ᠤᠳᠤᠮ ᠳᠤ ᠮᠣᠩ᠋ᠭᠣᠯ ᠲᠤᠭᠤᠷᠭᠠᠲᠠᠨ ᠪᠢᠳᠡᠨ ᠦ ᠦᠨᠳᠦᠰᠦᠨ ᠦ ᠦᠵᠡᠯ ᠦᠨ ᠣᠷᠭᠢᠯ᠂ ᠪᠢᠰᠢᠷᠡᠯ ᠪᠠᠬᠠᠳᠤᠯ ᠤᠨ ᠳᠡᠭᠡᠳᠦ ᠪᠠᠢᠢᠭᠰᠠᠭᠠᠷ ᠢᠷᠡᠭᠰᠡᠨ ᠶᠤᠮ᠃ ᠪᠠᠢᠢᠬᠤ ᠴᠤ ᠪᠣᠯᠤᠨ᠎ᠠ᠃
ᠡᠢᠢᠮᠦ ᠤᠳᠬ᠎ᠠ ᠤᠴᠢᠷᠲᠠᠢ ᠮᠣᠩ᠋ᠭᠣᠯ ᠪᠠᠬᠠᠷᠬᠠᠯ ᠤᠨ ᠡᠳᠦᠷ᠂ ᠪᠦᠭᠦᠳᠡ ᠨᠠᠢᠢᠷᠠᠮᠳᠠᠬᠤ ᠤᠯᠤᠰ ᠢ ᠲᠤᠩᠬᠠᠭᠯᠠᠭᠰᠠᠨ ᠡᠳᠦᠷ ᠦᠳ ᠦᠨ ᠬᠦᠴᠦᠲᠦ ᠪᠥᠬᠡ ᠢᠢᠨ ᠪᠠᠷᠢᠯᠳᠤᠭᠠᠨ ᠳᠤ ᠥᠨᠳᠦᠷ ᠴᠢᠨᠰᠠᠭ᠎ᠠ ᠲᠠᠢ 128 ᠪᠥᠬᠡ ᠤᠷᠠᠨ ᠮᠡᠬᠡ ᠢᠢ ᠤᠷᠤᠯᠳᠤᠭᠤᠯᠵᠤ᠂ ᠦᠨᠡᠨ ᠬᠦᠴᠦ ᠢᠢ ᠰᠣᠷᠢᠬᠤ ᠪᠠᠷ ᠵᠣᠳᠣᠭᠯᠠᠵᠤ ᠪᠠᠢᠢᠨ᠎ᠠ᠃
ᠮᠣᠩ᠋ᠭᠣᠯ ᠤᠯᠠᠮᠵᠢᠯᠠᠯ᠂ ᠮᠣᠩ᠋ᠭᠣᠯ ᠵᠠᠩᠰᠢᠯ ᠢᠶᠠᠷ ᠢᠶᠠᠨ ᠬᠦᠴᠦᠲᠡᠨ ᠨᠦᠭᠦᠳ ᠦᠨ ᠢᠶᠡᠨ ᠪᠠᠷᠢᠯᠳᠤᠭᠠᠨ ᠢ ᠰᠢᠮᠡᠳᠦᠨ ᠦᠵᠡᠵᠦ᠂ ᠲᠠᠭᠠᠯᠠᠨ ᠰᠣᠨᠢᠷᠬᠠᠨ᠎ᠠ ᠤᠤ᠃
ᠮᠥᠩᠬᠡ ᠲᠩᠷᠢ ᠪᠢᠳᠡᠨ ᠢ ᠢᠪᠡᠭᠡᠭ᠌》 ᠭᠡᠯᠡ᠃