ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠢᠶᠠᠷ ᠲᠣᠮᠢᠯᠠᠭᠳᠠᠨ ᠢᠷᠡᠭᠰᠡᠨ ᠨᠣᠶᠠᠨ ᠯᠢ ᠶᠣ ᠬᠤᠢᠨ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠬᠦᠨ ᠪᠠᠷᠢᠯ᠎ᠠ᠃
ᠲᠡᠭᠦᠨ ᠢ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠬᠦᠨ ᠪᠠᠷᠢᠭᠰᠠᠨ ᠲᠠᠢ ᠨᠢ ᠬᠣᠯᠪᠣᠭᠳᠠᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠭᠠᠳ᠂ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠢᠶᠠᠷ ᠲᠣᠮᠢᠯᠠᠭᠳᠠᠨ ᠢᠷᠡᠭᠰᠡᠨ ᠳᠥ ᠨᠢ ᠪᠠᠶᠠᠷ ᠬᠦᠷᠭᠡᠪᠡ᠃
ᠠᠭᠤᠯᠵᠠᠯᠲᠠ ᠪᠠᠷ ᠲᠠᠯ᠎ᠠ ᠨᠤᠭᠤᠳ 2020 ᠣᠨ ᠳᠤ ᠪᠣᠯᠬᠤ ᠮᠣᠩ᠋ᠭᠣᠯ ᠤᠯᠤᠰ- ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠢᠢ ᠥᠨᠳᠥᠷ ᠬᠡᠮᠵᠢᠶᠡᠨ ᠳᠥ᠂ ᠦᠷ᠎ᠡ ᠳ᠋ᠦᠩ ᠲᠡᠢ ᠲᠡᠮᠳᠡᠭᠯᠡᠨ ᠥᠩᠭᠡᠷᠡᠭᠦᠯᠬᠦ ᠪᠣᠯᠤᠭᠠᠳ ᠬᠣᠶᠠᠷ ᠣᠷᠣᠨ ᠤ ᠵᠠᠯᠠᠭᠤ ᠪᠢᠽᠢᠨ᠋᠋ᠧᠰ ᠡᠷᠬᠢᠯᠡᠭᠴᠢᠳ ᠢ ᠳᠡᠮᠵᠢᠬᠦ ᠠᠰᠠᠭᠤᠳᠠᠯ ᠢᠶᠠᠷ ᠳᠡᠯᠭᠡᠷᠡᠩᠭᠦᠢ ᠰᠠᠨᠠᠯ ᠰᠣᠯᠢᠯᠴᠠᠯ᠎ᠠ᠃
ᠲᠤᠬᠠᠢᠢᠯᠠᠪᠠᠯ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠳᠤ ᠪᠢᠽᠢᠨ᠋᠋ᠧᠰ ᠦᠨ ᠣᠷᠣᠨ ᠵᠠᠢ᠂ ᠬᠠᠷᠢᠨ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠍ ᠲᠤ ᠨᠣᠤ ᠬᠠᠤ᠂ ᠲᠧᠭᠨᠣᠯᠣᠭᠢ ᠪᠠᠢᠢᠭ᠎ᠠ ᠤᠴᠢᠷ ᠠᠴᠠ ᠬᠣᠶᠠᠷ ᠣᠷᠣᠨ ᠤ ᠵᠠᠯᠠᠭᠤᠰ ᠢ ᠤᠶᠠᠯᠳᠤᠭ᠎ᠠ᠂ ᠬᠣᠯᠪᠣᠭᠠᠲᠠᠢ ᠪᠣᠯᠭᠠᠬᠤ ᠪᠢᠽᠢᠨ᠋᠋ᠧᠰ ᠵᠥᠪᠯᠡᠯ ᠪᠠᠢᠢᠭᠤᠯᠬᠤ ᠰᠠᠨᠠᠯ ᠭᠠᠷᠭᠠᠭᠠᠳ ᠡᠨᠡ ᠬᠦᠷᠢᠶᠡᠨ ᠳᠥ ᠬᠢᠭ᠍ᠳᠡᠭᠰᠡᠨ ᠰᠤᠳᠤᠯᠭ᠎ᠠ᠂ ᠲᠥᠰᠦᠯ ᠦᠳ ᠢ ᠡᠯᠴᠢᠨ ᠰᠠᠢᠢᠳ ᠯᠢ ᠶᠣ ᠬᠤᠢᠨ ᠳᠤ ᠭᠠᠷᠳᠠᠭᠤᠯᠤᠨ ᠥᠭ᠍ᠭᠦᠭᠰᠡᠨ ᠶᠤᠮ᠃ ᠡᠭᠦᠷᠭᠡᠳᠦ ᠠᠵᠢᠯ ᠳᠤ ᠪᠠᠨ ᠣᠷᠣᠵᠤ ᠪᠤᠢ ᠡᠯᠴᠢᠨ ᠰᠠᠢᠢᠳ ᠯᠢ ᠶᠣ ᠬᠤᠢᠨ ᠬᠠᠯᠠᠭᠤᠨ ᠳᠣᠲᠣᠨᠣ ᠪᠠᠷ ᠬᠦᠯᠢᠶᠡᠨ ᠠᠪᠴᠤ ᠠᠭᠤᠯᠵᠠᠭᠰᠠᠨ ᠳᠤ ᠲᠠᠯᠠᠷᠬᠠᠯ ᠢᠯᠡᠷᠬᠡᠢᠢᠯᠡᠭᠡᠳ᠂ ᠬᠣᠶᠠᠷ ᠤᠯᠤᠰ ᠤᠨ ᠬᠠᠷᠢᠯᠴᠠᠭ᠎ᠠ ᠢᠢ ᠰᠢᠨ᠎ᠡ ᠱᠠᠲᠤᠨ ᠳᠤ ᠭᠠᠷᠭᠠᠬᠤ ᠢᠢᠨ ᠲᠤᠯᠠᠳᠠ ᠪᠦᠬᠦᠢ ᠯᠠ ᠪᠣᠯᠤᠯᠴᠠᠭ᠎ᠠ ᠪᠠᠨ ᠳᠠᠢᠢᠴᠢᠯᠠᠨ ᠠᠵᠢᠯᠯᠠᠵᠤ᠂ ᠢᠩᠭᠢᠬᠦ ᠳᠥ ᠪᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠪᠰᠢᠭᠦᠯᠦᠭᠰᠡᠨ ᠰᠠᠨᠠᠭ᠎ᠠ᠂ ᠣᠨᠣᠭ᠎ᠠ ᠢᠢ ᠠᠵᠢᠯ ᠬᠡᠷᠡᠭ ᠲᠦ ᠪᠡᠨ ᠲᠤᠰᠬᠠᠬᠤ ᠪᠠᠨ ᠢᠯᠡᠷᠬᠡᠢᠢᠯᠡᠯ᠎ᠡ᠃