ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ᠂ ᠮᠣᠩ᠋ᠭᠣᠯ ᠤᠯᠤᠰ ᠤᠨ ᠲᠥᠷᠦ ᠢᠢᠨ ᠳᠡᠭᠡᠳᠦ ᠱᠠᠩᠨᠠᠯ᠂ ᠲᠡᠷᠢᠭᠦᠨ ᠵᠡᠷᠭᠡ ᠢᠢᠨ 《ᠴᠢᠩᠭᠢᠰ ᠬᠠᠭᠠᠨ》 ᠣᠳᠣᠨ ᠢ 《The Hu》 ᠬᠠᠮᠲᠤᠯᠢᠭ ᠲᠤ ᠭᠠᠷᠳᠠᠭᠤᠯᠬᠤ ᠪᠠᠷ ᠪᠣᠯᠤᠭᠰᠠᠨ ᠪᠢᠯᠡ᠃ ᠡᠨᠡ ᠵᠢᠯ ᠠᠩᠬ᠎ᠠ ᠤᠳᠠᠭ᠎ᠠ ᠬᠠᠮᠲᠤᠯᠢᠭ /ᠪᠠᠢᠢᠭᠤᠯᠤᠯᠭ᠎ᠠ/ ᠍ ᠲᠤ 《ᠴᠢᠩᠭᠢᠰ ᠬᠠᠭᠠᠨ》 ᠣᠳᠤᠨ ᠭᠠᠷᠳᠠᠭᠤᠯᠬᠤ ᠪᠣᠯᠤᠭᠰᠠᠨ ᠲᠤᠯᠠ ᠶᠡᠬᠡ ᠡᠵᠡᠨ ᠴᠢᠩᠭᠢᠰ ᠬᠠᠭᠠᠨ ᠤ ᠡᠰᠡᠨᠢᠨ ᠮᠡᠨᠳᠦᠯᠡᠭᠰᠡᠨ ᠡᠪᠦᠯ ᠦᠨ ᠲᠡᠷᠢᠭᠦᠨ ᠰᠠᠷ᠎ᠠ ᠢᠢᠨ ᠰᠢᠨ᠎ᠡ ᠢᠢᠨ ᠨᠢᠭᠡᠨ ᠦ ᠡᠳᠦᠷ ᠵᠢᠶᠠᠵᠠᠨ ᠳᠤ ᠲᠤᠰᠬᠠᠢᠢᠯᠠᠨ ᠰᠠᠭᠤᠯᠭᠠᠭᠰᠠᠨ 《ᠴᠢᠩᠭᠢᠰ ᠬᠠᠭᠠᠨ》 ᠣᠳᠣᠨ ᠢ ᠬᠠᠮᠲᠤᠯᠢᠭ ᠤᠨ ᠲᠥᠯᠦᠭᠡᠯᠡᠯ ᠪᠣᠯᠭᠠᠨ ᠫᠷᠣᠳᠢᠶᠦ᠋ᠰᠧᠷ ᠪ ∙ ᠳᠠᠰᠢᠳᠣᠩᠳᠣᠭ ᠲᠤ ᠭᠠᠷᠳᠠᠭᠤᠯᠤᠭᠰᠠᠨ ᠶᠤᠮ᠃
ᠡᠨᠡ ᠦᠶ᠎ᠡ ᠪᠡᠷ ᠠᠶᠠᠯᠠᠨ ᠲᠣᠭᠯᠠᠯᠲᠠ ᠲᠠᠢ ᠪᠠᠢᠢᠭᠰᠠᠨ 《The Hu》 ᠬᠠᠮᠲᠤᠯᠢᠭ ᠤᠨ ᠬᠢᠨ ᠡᠬᠡ ᠣᠷᠣᠨ ᠳᠤ ᠪᠠᠨ ᠢᠷᠡᠭᠰᠡᠨ ᠲᠤᠯᠠ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠬᠦᠯᠢᠶᠡᠨ ᠠᠪᠴᠤ ᠠᠭᠤᠯᠵᠠᠭᠠᠳ᠂ 《ᠴᠢᠩᠭᠢᠰ ᠬᠠᠭᠠᠨ》 ᠣᠳᠤᠨ ᠤ ᠡᠩᠭᠡᠷ ᠦᠨ ᠲᠡᠮᠳᠡᠭ ᠢ ᠵᠡᠭᠦᠨ ᠥᠭᠴᠦ᠂ ᠡᠬᠡ ᠬᠡᠯᠡ ᠪᠡᠷ ᠢᠶᠡᠨ ᠲᠤᠭᠤᠷᠪᠢᠭᠰᠠᠨ ᠤᠷᠠᠨ ᠪᠦᠲᠦᠭᠡᠯ ᠢᠶᠡᠨ ᠳᠡᠯᠡᠬᠡᠢ ᠳᠠᠬᠢᠨ ᠢᠶᠠᠨ ᠰᠤᠷᠲᠠᠯᠴᠢᠯᠠᠨ ᠲᠦᠭᠡᠭᠡᠵᠦ ᠪᠠᠢᠢᠭ᠎ᠠ ᠳᠤ ᠨᠢ ᠪᠠᠶᠠᠷ ᠬᠦᠷᠭᠡᠯ᠎ᠡ᠃