ᠡᠵᠡᠨᠳᠦ ᠭᠦᠷᠦᠨ ᠦ ᠭᠠᠯ ᠭᠣᠯᠣᠮᠲᠠ ᠢᠢ᠂ ᠡᠨᠡ ᠴᠠᠭ ᠲᠤ ᠲᠦᠭᠦᠴᠢᠭᠡᠯᠡᠨ ᠪᠤᠢ ᠨᠡᠢᠢᠲᠡ ᠮᠣᠩ᠋ᠭᠣᠯᠴᠤᠳ ᠠ᠋᠂
ᠳᠡᠯᠡᠬᠡᠢ ᠳᠠᠬᠢᠨ ᠳᠤ ᠲᠠᠷᠬᠠᠨ ᠰᠠᠭᠤᠷᠢᠰᠢᠭ᠌ᠰᠠᠨ ᠮᠣᠩ᠋ᠭᠣᠯ ᠲᠤᠭᠤᠷᠭᠠᠲᠠᠨ ᠨᠤᠭᠤᠳ ᠠ᠋!
ᠲᠠ ᠪᠦᠬᠦᠨ ᠳᠥ ᠪᠡᠨ ᠤᠯᠠᠷᠢᠨ ᠣᠳᠴᠤ ᠪᠤᠢ 2019 ᠣᠨ᠂ ᠠᠢᠢᠯᠴᠢᠯᠠᠨ ᠢᠷᠡᠵᠦ ᠪᠤᠢ 2020 ᠣᠨ ᠤ ᠣᠨ ᠰᠣᠯᠢᠭᠳᠠᠬᠤ ᠲᠣᠷᠭᠠᠨ ᠮᠥᠴᠡ ᠢᠢᠨ ᠪᠠᠶᠠᠷ ᠤᠨ ᠮᠡᠨᠳᠦ ᠢᠢ ᠬᠦᠷᠭᠡᠶ᠎ᠡ᠃
ᠠᠵᠢᠯ ᠬᠥᠳᠡᠯᠮᠦᠷᠢ᠂ ᠠᠯᠳᠠᠭ᠎ᠠ ᠣᠨᠣᠭ᠎ᠠ ᠪᠠᠨ ᠳ᠋ᠦᠩᠨᠡᠨ ᠬᠡᠯᠡᠯᠴᠡᠵᠦ᠂ ᠠᠮᠵᠢᠯᠲᠠ ᠪᠦᠲᠦᠭᠡᠯ᠂ ᠢᠷᠡᠭᠡᠳᠦᠢ ᠢᠢᠨ ᠰᠠᠢᠢᠬᠠᠨ ᠢ ᠲᠥᠰᠥᠭᠡᠯᠡᠨ ᠶᠠᠷᠢᠯᠴᠠᠳᠠᠭ ᠢᠶᠠᠷ ᠢᠶᠠᠨ ᠰᠢᠨ᠎ᠡ ᠵᠢᠯ ᠬᠠᠮᠤᠭ ᠠᠴᠠ ᠰᠡᠳᠬᠢᠯ ᠳᠣᠭᠳᠣᠯᠤᠮ᠎ᠠ ᠰᠠᠢᠢᠬᠠᠨ ᠪᠠᠶᠠᠷ ᠪᠠᠢᠢᠳᠠᠭ ᠪᠢᠯᠡ᠃
ᠶᠠᠭ ᠣᠳᠣ ᠠᠴᠠ ᠨᠢᠭᠡ ᠵᠢᠯ ᠦᠨ ᠡᠮᠦᠨ᠎ᠡ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠤᠪᠢ ᠳᠤ 《2019 ᠣᠨ ᠡᠷᠡᠰ ᠰᠢᠨᠡᠴᠢᠯᠡᠯ》 ᠍ ᠢᠢᠨ ᠵᠢᠯ ᠪᠠᠢᠢᠬᠤ ᠪᠣᠯᠤᠨ᠎ᠠ ᠬᠡᠮᠡᠨ ᠨᠡᠢᠢᠲᠡ ᠮᠣᠩ᠋ᠭᠣᠯᠴᠤᠳ ᠲᠤ ᠪᠠᠨ ᠬᠠᠨᠳᠤᠨ ᠤᠷᠢᠶᠠᠯᠠᠵᠤ ᠪᠠᠢᠢᠭᠰᠠᠨ ᠢ ᠲᠠ ᠪᠦᠬᠦᠨ ᠮᠠᠨᠢ ᠲᠣᠳᠣᠬᠠᠨ ᠰᠠᠨᠠᠵᠤ ᠪᠠᠢᠢᠭ᠎ᠠ᠃
ᠡᠷᠡᠰ ᠰᠢᠨᠡᠴᠢᠯᠡᠯ ᠦᠨ᠂ ᠰᠢᠳᠤᠷᠭᠤ ᠶᠣᠰᠣᠨ ᠤ ᠡᠨᠡᠬᠦ ᠵᠣᠷᠢᠯᠲᠠ ᠢᠢ ᠪᠡᠶᠡᠯᠡᠭᠦᠯᠬᠦ ᠢᠢᠨ ᠲᠥᠯᠥᠭᠡ ᠤᠯᠤᠰ ᠣᠷᠣᠨ ᠤ ᠢᠵᠠᠭᠤᠷ ᠡᠷᠬᠡ ᠠᠰᠢᠭ ᠢ᠂ ᠤᠯᠤᠰ ᠲᠥᠷᠥ ᠢᠢᠨ ᠢᠪᠴᠤᠤ ᠰᠣᠨᠢᠷᠬᠠᠯ ᠠᠴᠠ ᠥᠨᠳᠥᠷ ᠲᠥ ᠲᠠᠯᠪᠢᠵᠤ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠮᠣᠩ᠋ᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ᠂ ᠮᠣᠩ᠋ᠭᠣᠯ ᠤᠯᠤᠰ ᠤᠨ ᠶᠡᠷᠦᠩᠬᠡᠢ ᠰᠠᠢᠢᠳ ᠪᠢᠳᠡ ᠨᠢᠭᠡᠳᠦᠮᠡᠯ ᠪᠠᠢᠢᠷᠢ ᠰᠠᠭᠤᠷᠢ ᠲᠠᠢ ᠠᠵᠢᠯᠯᠠᠵᠤ ᠴᠢᠳᠠᠭᠰᠠᠨ ᠢ ᠣᠨᠴᠠᠯᠠᠨ ᠲᠡᠮᠳᠡᠭᠯᠡᠬᠦ ᠢᠢ ᠬᠦᠰᠠᠵᠥ ᠪᠠᠢᠢᠨ᠎ᠠ᠃
30 ᠵᠢᠯ ᠦᠨ ᠨᠡᠢᠢᠭᠡᠮ ᠤᠨ ᠰᠢᠯᠵᠢᠯᠲᠡ ᠡᠴᠡ ᠡᠭᠦᠳᠦᠯᠲᠡᠢ ᠣᠷᠣᠭ᠎ᠠ ᠪᠤᠰᠬᠠᠭ᠎ᠠ ᠴᠠᠭ ᠬᠤᠭᠤᠴᠠᠭ᠎ᠠ ᠢᠢ 365 ᠬᠣᠨᠣᠭ ᠲᠤ ᠪᠦᠲᠦᠨ ᠴᠡᠭᠴᠡᠯᠡᠬᠦ ᠪᠣᠯᠤᠮᠵᠢ ᠦᠭᠡᠢ ᠴᠤ᠂ 2019 ᠣᠨ ᠡᠷᠡᠰ ᠰᠢᠨᠡᠴᠢᠯᠡᠯ ᠦᠨ᠂ ᠮᠣᠩ᠋ᠭᠣᠯ ᠤᠯᠤᠰ ᠤᠨ ᠰᠢᠨ᠎ᠡ ᠴᠠᠭ ᠤᠨ ᠰᠡᠷᠭᠦᠨ ᠮᠠᠨᠳᠤᠯ ᠤᠨ ᠰᠠᠭᠤᠷᠢ ᠢᠢ ᠲᠠᠯᠪᠢᠭᠰᠠᠨ ᠲᠡᠦᠬᠡᠨ ᠣᠨ ᠪᠠᠢᠢᠯ᠎ᠠ᠃
ᠮᠣᠩ᠋ᠭᠣᠯ ᠤᠯᠤᠰ ᠤᠨ ᠡᠳ᠋ ᠍ ᠦᠨ ᠵᠠᠰᠠᠭ ᠤᠨ ᠥᠰᠦᠯᠲᠡ 2019 ᠣᠨ ᠳᠤ 6.3 ᠬᠤᠪᠢ ᠪᠣᠯᠵᠤ᠂ 2016 ᠣᠨ ᠤ ᠮᠥᠨ ᠦᠶ᠎ᠡ ᠢᠢᠨ ᠬᠢ ᠡᠴᠡ 5 ᠳᠠᠬᠢᠨ ᠥᠰᠴᠦ᠂ ᠡᠳ᠋ ᠍ ᠦᠨ ᠵᠠᠰᠠᠭ ᠲᠣᠭᠲᠠᠪᠤᠷᠢᠵᠢᠵᠤ ᠡᠬᠢᠯᠡᠯ᠎ᠡ᠃
ᠰᠡᠭᠦᠯ ᠦᠨ 20 ᠭᠠᠷᠤᠢ ᠵᠢᠯ ᠦᠨ ᠲᠤᠷᠰᠢ ᠶᠠᠷᠢᠭᠳᠠᠭᠰᠠᠨ ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠨᠡᠮᠡᠯᠲᠡ ᠥᠭᠡᠷᠡᠴᠢᠯᠡᠯᠲᠡ ᠰᠣᠶᠣᠷᠬᠠᠨ ᠪᠠᠲᠤᠯᠠᠭᠳᠠᠯ᠎ᠠ᠃ ᠡᠨᠡᠬᠦ ᠥᠭᠡᠷᠡᠴᠢᠯᠡᠯᠲᠡ ᠪᠡᠷ ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ ᠢ ᠪᠠᠲᠤᠯᠠᠭᠠᠵᠢᠭᠤᠯᠤᠨ ᠪᠡᠬᠢᠵᠢᠭᠦᠯᠵᠦ᠂ ᠮᠣᠩ᠋ᠭᠣᠯ ᠤᠨ ᠠᠷᠠᠳ ᠲᠦᠮᠡᠨ ᠪᠠᠶᠠᠯᠢᠭ ᠲᠤ ᠪᠠᠨ ᠡᠵᠡᠨ ᠪᠠᠢᠢᠬᠤ ᠵᠣᠷᠢᠯᠲᠠ ᠲᠣᠳᠣᠷᠬᠠᠢᠢᠯᠠᠭᠳᠠᠵᠤ᠂ ᠬᠥᠭ᠍ᠵᠢᠯ ᠦᠨ ᠪᠣᠳᠣᠯᠭ᠎ᠠ᠂ ᠲᠥᠷᠥ ᠵᠠᠰᠠᠭ ᠲᠣᠭᠲᠠᠪᠤᠷᠢᠲᠠᠢ ᠪᠠᠢᠢᠬᠤ ᠰᠠᠭᠤᠷᠢ ᠢᠢ ᠲᠠᠯᠪᠢᠵᠤ᠂ ᠬᠠᠷᠢᠭᠤᠴᠠᠯᠭ᠎ᠠ ᠲᠠᠢ ᠵᠠᠰᠠᠭᠯᠠᠯ ᠤᠨ ᠬᠢᠨᠠᠯᠲᠠ ᠲᠡᠩᠴᠡᠪᠦᠷᠢ ᠬᠠᠩ᠌ᠭᠠᠭᠳᠠᠨᠠ ᠭᠡᠳᠡᠭ ᠲᠥ ᠮᠢᠨᠦ ᠪᠡᠶ᠎ᠡ ᠢᠲᠡᠭᠡᠵᠦ ᠪᠠᠢᠢᠨ᠎ᠠ᠃
ᠣᠭ᠍ᠶᠤᠲᠣᠯᠣᠭᠠᠢ ᠣᠷᠳᠣ ᠢᠢᠨ ᠠᠰᠢᠭᠯᠠᠯᠲᠠ ᠳᠤ ᠮᠣᠩ᠋ᠭᠣᠯ ᠤᠯᠤᠰ ᠤᠨ ᠡᠷᠬᠡ ᠠᠰᠢᠭ ᠢ ᠬᠠᠩ᠌ᠭᠠᠭᠤᠯᠬᠤ ᠲᠤᠬᠠᠢ ᠲᠥᠷᠥ ᠵᠠᠰᠠᠭ ᠤᠨ ᠰᠢᠢᠳᠪᠦᠷᠢ ᠴᠤ ᠭᠠᠷᠤᠯ᠎ᠠ᠃ ᠡᠷᠳᠡᠨᠢᠲᠦ ᠦᠢᠯᠡᠳᠪᠦᠷᠢ ᠪᠡᠨ 100 ᠬᠤᠪᠢ ᠲᠥᠷᠥ ᠢᠢᠨ ᠥᠮᠴᠢ ᠳᠥ ᠰᠢᠯᠵᠢᠭᠦᠯᠦᠭᠰᠡᠨ ᠢᠶᠡᠷ ᠲᠡᠦᠬᠡᠨ ᠳᠥ ᠪᠡᠨ ᠠᠩᠬ᠎ᠠ ᠤᠳᠠᠭ᠎ᠠ ᠤᠯᠤᠰ ᠤᠨ ᠪᠣᠯᠤᠨ ᠣᠷᠣᠨ ᠨᠤᠲᠤᠭ ᠤᠨ ᠲᠥᠰᠥᠪ ᠲᠥ ᠨᠢᠭᠡ ᠶᠡᠬᠡ ᠨᠠᠶᠤᠳ ᠭᠠᠷᠤᠢ ᠲᠥᠭᠥᠷᠢᠭ᠌ ᠢ ᠲᠥᠪᠯᠡᠷᠡᠭᠦᠯᠦᠯᠡ᠃
《ᠲᠠᠪᠤᠨᠲᠣᠯᠣᠭᠠᠢ》 ᠬᠤᠪᠢᠴᠠᠭᠠᠲᠤ ᠺᠣᠮᠫᠠᠨᠢ ᠢᠢ ᠤᠯᠤᠰ ᠤᠨ ᠮᠡᠳᠡᠯ ᠳᠥ ᠦᠯᠡᠳᠡᠭᠡᠵᠦ ᠴᠢᠳᠠᠯ᠎ᠠ᠃ ᠮᠥᠨ ᠬᠠᠮᠤᠭ ᠤᠨ ᠠᠰᠢᠭ ᠲᠠᠢ ᠦᠨᠳᠦᠰᠦᠨ ᠦ ᠺᠣᠮᠫᠠᠨᠢ ᠪᠣᠯᠤᠨ ᠬᠥᠭ᠍ᠵᠢᠵᠦ᠂ ᠣᠯᠠᠨ ᠵᠢᠯ ᠳᠤᠩᠰᠢᠨ ᠶᠠᠷᠢᠭᠳᠠᠭᠰᠠᠨ ᠲᠡᠮᠦᠷ ᠵᠠᠮ ᠤᠨ ᠠᠵᠢᠯ ᠡᠷᠴᠢᠮᠵᠢᠵᠦ᠂ ᠡᠳ᠋ ᠍ ᠦᠨ ᠵᠠᠰᠠᠭ ᠤᠨ ᠪᠣᠳᠣᠯᠭ᠎ᠠ ᠳᠤ ᠡᠷᠭᠢᠯᠲᠡ ᠠᠪᠴᠢᠷᠠᠯ᠎ᠠ᠃
ᠮᠣᠩ᠋ᠭᠣᠯ ᠤᠯᠤᠰ ᠤᠨ ᠵᠡᠪᠰᠡᠭᠲᠦ ᠬᠦᠴᠦᠨ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠳᠤ ᠢᠳᠡᠪᠬᠢᠲᠡᠢ ᠣᠷᠣᠯᠴᠠᠵᠤ᠂ ᠮᠣᠩ᠋ᠭᠣᠯᠴᠤᠳ ᠪᠢᠳᠡ ᠥᠪᠡᠷᠰᠡᠳ ᠢᠶᠡᠨ ᠬᠢᠵᠦ᠂ ᠪᠦᠲᠦᠭᠡᠵᠦ ᠴᠢᠳᠠᠨ᠎ᠠ ᠭᠡᠰᠡᠨ ᠦᠨᠳᠦᠰᠦᠨ ᠦ ᠪᠡᠨ ᠤᠬᠠᠮᠰᠠᠷ ᠢ ᠳᠠᠬᠢᠨ ᠰᠡᠷᠭᠦᠭᠡᠵᠦ ᠴᠢᠳᠠᠯ᠎ᠠ᠃
ᠮᠣᠩ᠋ᠭᠣᠯ ᠤᠯᠤᠰ ᠤᠨ ᠭᠠᠳᠠᠭᠠᠳᠤ ᠬᠠᠷᠢᠯᠴᠠᠭ᠎ᠠ ᠰᠢᠨ᠎ᠡ ᠲᠦᠪᠰᠢᠨ ᠳᠥ ᠭᠠᠷᠤᠯ᠎ᠠ᠃ ᠰᠢᠨ᠎ᠡ ᠨᠢᠰᠬᠦ ᠣᠩ᠌ᠭᠣᠴᠠᠨ ᠤ ᠪᠠᠭᠤᠳᠠᠯ ᠤᠨ ᠪᠦᠲᠦᠭᠡᠨ ᠪᠠᠢᠢᠭᠤᠯᠤᠯᠲᠠ᠂ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠵᠡᠷᠭᠡ ᠰᠲ᠋ᠷᠠᠲ᠋ᠧᠭᠢ ᠢᠢᠨ ᠠᠴᠢ ᠬᠣᠯᠪᠣᠭᠳᠠᠯ ᠲᠠᠢ ᠣᠯᠠᠨ ᠤᠯᠤᠰ ᠤᠨ ᠲᠣᠮᠣᠬᠠᠨ ᠲᠥᠰᠥᠯ᠂ ᠬᠥᠲᠥᠯᠪᠦᠷᠢ ᠨᠦᠭᠦᠳ ᠠᠮᠵᠢᠯᠲᠠᠲᠠᠢ ᠬᠡᠷᠡᠭᠵᠢᠵᠦ ᠡᠬᠢᠯᠡᠯ᠎ᠡ᠃
ᠤᠯᠠᠭᠠᠨᠪᠠᠭᠠᠲᠤᠷ ᠤᠨ ᠤᠲᠤᠭ᠎ᠠ ᠪᠠᠭᠠᠰᠴᠤ᠂ ᠤᠯᠤᠰ ᠲᠥᠷᠥ᠂ ᠪᠢᠽᠢᠨ᠋᠋ᠧᠰ ᠦᠨ ᠪᠦᠯᠦᠭᠯᠡᠯ᠂ ᠬᠠᠤᠯᠢ ᠬᠢᠨᠠᠯᠲᠠ ᠢᠢᠨ ᠪᠠᠢᠢᠭᠤᠯᠤᠯᠭ᠎ᠠ᠂ ᠰᠢᠭᠦᠬᠦ ᠵᠠᠰᠠᠭᠯᠠᠯ ᠳᠤ ᠣᠯᠠᠨ ᠵᠢᠯ ᠨᠣᠶᠠᠷᠬᠠᠭᠰᠠᠨ ᠥᠳᠦᠬᠡᠨ ᠮᠠᠨᠠᠨ ᠰᠠᠷᠢᠨᠠᠵᠤ᠂ ᠰᠢᠳᠤᠷᠭᠤ ᠶᠣᠰᠣᠨ ᠤ ᠰᠠᠯᠬᠢ ᠰᠡᠪᠡᠯᠵᠡᠵᠦ᠂ ᠢᠷᠭᠡᠳ ᠦᠨ ᠬᠦᠴᠦᠲᠡᠢ ᠬᠢᠨᠠᠯᠲᠠ ᠪᠦᠬᠦᠢ ᠢᠷᠭᠡᠨ ᠦ ᠨᠡᠢᠢᠭᠡᠮ ᠢᠳᠡᠪᠬᠢᠵᠢᠵᠦ ᠡᠬᠢᠯᠡᠯ᠎ᠡ᠃
2020 ᠣᠨ ᠠᠷᠠᠳᠴᠢᠯᠠᠭᠰᠠᠨ ᠲᠣᠭᠲᠠᠯᠴᠠᠭᠠᠨ ᠤ ᠪᠠᠨ 30 ᠵᠢᠯ ᠦᠨ ᠠᠯᠳᠠᠭ᠎ᠠ ᠣᠨᠣᠭ᠎ᠠ ᠪᠠᠨ ᠪᠦᠬᠦ ᠨᠡᠢᠢᠲᠡ ᠪᠡᠷ ᠢᠶᠡᠨ ᠳ᠋ᠦᠩᠨᠡᠵᠦ᠂ 30 ᠵᠢᠯ ᠦᠨ ᠠᠯᠤᠰ ᠤᠨ ᠬᠠᠷᠠᠭ᠎ᠠ᠂ ᠤᠷᠲᠤ ᠬᠤᠭᠤᠴᠠᠭᠠᠨ ᠤ ᠬᠥᠭ᠍ᠵᠢᠯ ᠦᠨ ᠪᠣᠳᠣᠯᠭ᠎ᠠ ᠪᠠᠨ ᠲᠣᠳᠣᠷᠬᠠᠢᠢᠯᠠᠵᠤ᠂ ᠡᠬᠢᠯᠡᠭᠦᠯᠦᠭᠰᠡᠨ ᠠᠵᠢᠯ ᠢᠶᠠᠨ ᠡᠷᠴᠢᠮᠵᠢᠭᠦᠯᠦᠭᠰᠡᠨ᠂ ᠶᠡᠬᠡ ᠪᠦᠲᠦᠭᠡᠨ ᠪᠠᠢᠢᠭᠤᠯᠤᠯᠲᠠ ᠢᠢᠨ ᠵᠢᠯ ᠪᠠᠢᠢᠬᠤ ᠪᠣᠯᠤᠨ᠎ᠠ᠃
ᠥᠴᠥᠭᠡᠳᠦᠷ ᠦᠭᠡᠢ ᠥᠨᠥᠳᠥᠷ᠂ ᠥᠨᠥᠳᠥᠷ ᠦᠭᠡᠢ ᠮᠠᠷᠭᠠᠰᠢ ᠭᠡᠵᠦ ᠦᠭᠡᠢ ᠪᠢᠯᠡ᠃ ᠲᠤᠭᠤᠷᠭ᠎ᠠ ᠲᠤᠰᠠᠭᠠᠷ ᠮᠣᠩ᠋ᠭᠣᠯ ᠤᠯᠤᠰ ᠤᠨ ᠬᠥᠭ᠍ᠵᠢᠯ ᠳᠡᠪᠰᠢᠯ ᠦᠨ ᠲᠥᠯᠥᠭᠡ ᠵᠠᠯᠠᠭᠤ ᠨᠠᠰᠤ ᠪᠠᠨ ᠵᠣᠷᠢᠭᠤᠯᠤᠭᠰᠠᠨ ᠠᠬᠠᠮᠠᠳ ᠪᠠᠭᠤᠷᠠᠯ ᠤᠳ ᠢᠶᠠᠨ ᠥᠷᠢ ᠢᠢᠨ ᠳᠠᠷᠤᠮᠲᠠ ᠠᠴᠠ ᠰᠠᠯᠭᠠᠬᠤ ᠵᠣᠷᠢᠯᠭ᠎ᠠ ᠪᠠᠷ ᠠᠯᠳᠠᠭᠳᠠᠭᠰᠠᠨ ᠪᠠᠢᠢᠭᠰᠠᠨ ᠰᠠᠯᠬᠢᠲᠤ ᠢᠢᠨ ᠮᠥᠩᠭᠥᠨ ᠦ ᠣᠷᠳᠣ ᠪᠠᠨ ᠡᠳ᠋ ᠍ ᠦᠨ ᠵᠠᠰᠠᠭ ᠤᠨ ᠡᠷᠭᠢᠯᠲᠡ ᠳᠥ ᠤᠷᠤᠭᠤᠯᠬᠤ ᠵᠠᠮ ᠢᠶᠠᠷ ᠲᠡᠳᠬᠦᠪᠦᠷᠢ ᠢᠢᠨ ᠵᠡᠭᠡᠯᠢ ᠢᠢ ᠨᠢᠭᠡ ᠤᠳᠠᠭ᠎ᠠ ᠲᠡᠭᠯᠡᠬᠦ ᠲᠤᠬᠠᠢ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠭᠡᠰᠢᠭᠦᠳ ᠰᠠᠨᠠᠯ ᠨᠢᠭᠡᠳᠦᠨ ᠰᠢᠢᠳᠪᠦᠷᠢ ᠭᠠᠷᠭᠠᠭᠰᠠᠨ ᠢ ᠣᠨ ᠰᠣᠯᠢᠭᠳᠠᠬᠤ ᠡᠨᠡ ᠮᠥᠴᠡ ᠳᠥ ᠠᠬᠠᠮᠠᠳ ᠤᠳ ᠲᠠ ᠪᠦᠬᠦᠨ ᠳᠥ ᠪᠡᠨ ᠳᠠᠭᠤᠯᠭᠠᠵᠤ ᠪᠠᠢᠢᠭ᠎ᠠ ᠳᠤ ᠪᠠᠨ ᠪᠠᠶᠠᠷᠲᠠᠢ ᠪᠠᠢᠢᠨ᠎ᠠ᠃
ᠲᠥᠷᠥ ᠵᠠᠰᠠᠭ ᠲᠣᠭᠲᠠᠪᠤᠷᠢᠲᠠᠢ
ᠲᠦᠮᠡᠨ ᠣᠯᠠᠨ ᠠᠮᠤᠭᠤᠯᠠᠩ ᠪᠠᠢᠢᠬᠤ ᠪᠣᠯᠲᠤᠭᠠᠢ᠃