Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠡᠯᠡᠬᠡᠢ ᠢᠢᠨ ᠪᠠᠩᠬᠢᠨ ᠤ ᠳᠡᠳ᠋ ᠶᠡᠷᠦᠩᠬᠡᠢᠢᠯᠡᠭᠴᠢ ᠢᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠳᠡᠯᠡᠬᠡᠢ ᠢᠢᠨ ᠪᠠᠩᠬᠢᠨ ᠤ ᠵᠡᠭᠦᠨ ᠠᠽᠢᠶ᠎ᠠ᠂ ᠨᠣᠮᠣᠬᠠᠨ ᠳᠠᠯᠠᠢ ᠢᠢᠨ ᠪᠦᠰᠡ ᠬᠠᠷᠢᠭᠤᠴᠠᠭᠰᠠᠨ ᠳᠡᠳ᠋ ᠶᠡᠷᠦᠩᠬᠡᠢᠢᠯᠡᠭᠴᠢ ᠬᠠᠲᠤᠭᠲᠠᠢ ᠸᠢᠺᠲ᠋ᠣᠷᠢᠶ᠎ᠠ ᠺᠸᠠᠺᠸᠠ᠂ ᠲᠤᠰ ᠪᠠᠩᠬᠢᠨ ᠤ ᠮᠣᠩ᠋ᠭᠣᠯ ᠳ᠋ᠠᠬᠢ ᠰᠠᠭᠤᠷᠢᠨ ᠲᠥᠯᠦᠭᠡᠯᠡᠭᠴᠢ ᠠᠨᠳ᠋ᠷᠧᠢ ᠮᠢᠭᠨᠧᠸ ᠨᠠᠷ ᠢ ᠬᠦᠯᠢᠶᠡᠨ ᠠᠪᠴᠤ ᠠᠭᠤᠯᠵᠠᠯ᠎ᠠ᠃

ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ᠂ ᠳᠡᠯᠡᠬᠡᠢ ᠢᠢᠨ ᠪᠠᠩᠬᠢᠨ ᠤ ᠬᠠᠮᠲᠤᠷᠠᠨ ᠭᠠᠷᠭᠠᠭᠰᠠᠨ ᠲᠣᠭᠠᠴᠠᠭᠠᠯᠠᠯ ᠢᠶᠠᠷ ᠮᠣᠩ᠋ᠭᠣᠯ ᠤᠯᠤᠰ ᠤᠨ ᠶᠠᠳᠠᠭᠤᠷᠠᠯ ᠤᠨ ᠲᠦᠪᠰᠢᠨ 28.4 ᠬᠤᠪᠢ ᠲᠠᠢ ᠭᠠᠷᠤᠭᠰᠠᠨ ᠪᠥᠭᠡᠳ ᠡᠨᠡ ᠨᠢ ᠮᠣᠩ᠋ᠭᠣᠯ ᠤᠯᠤᠰ ᠲᠤ ᠶᠠᠳᠠᠭᠤᠷᠠᠯ ᠶᠡᠬᠡ ᠪᠠᠢᠢᠭ᠎ᠠ ᠢᠢ ᠢᠯᠡᠳᠬᠡᠬᠦ ᠡᠴᠡ ᠭᠠᠳᠠᠨ᠎ᠠ ᠡᠳ᠋ ᠍ ᠦᠨ ᠵᠠᠰᠠᠭ ᠤᠨ ᠥᠰᠦᠯᠲᠡ ᠢᠷᠭᠡᠳ ᠲᠥ ᠬᠦᠷᠲᠡᠭᠡᠮᠵᠢ ᠮᠠᠭᠤ ᠲᠠᠢ ᠪᠠᠢᠢᠭ᠎ᠠ ᠢᠢ ᠬᠠᠷᠠᠭᠤᠯᠵᠤ ᠪᠤᠢ ᠶᠠᠪᠤᠳᠠᠯ ᠬᠡᠮᠡᠨ ᠲᠠᠯ᠎ᠠ ᠨᠤᠭᠤᠳ ᠳ᠋ᠦᠩᠨᠡᠯ᠎ᠡ᠃

《ᠥᠩᠭᠡᠷᠡᠭᠰᠡᠨ ᠵᠢᠯ ᠦᠳ ᠲᠥ ᠤᠯᠠᠭᠠᠨᠪᠠᠭᠠᠲᠤᠷ ᠬᠣᠲᠠ ᠠᠴᠠ ᠭᠠᠳᠠᠨ᠎ᠠ ᠬᠥᠳᠡᠭᠡ ᠣᠷᠣᠨ ᠨᠤᠲᠤᠭ ᠤᠨ ᠳᠡᠳ᠋ ᠪᠦᠲᠦᠴᠡ᠂ ᠵᠠᠮ ᠲᠡᠭᠡᠭᠡᠪᠦᠷᠢ᠂ ᠴᠠᠬᠢᠯᠭᠠᠨ ᠡᠷᠴᠢᠮ ᠬᠦᠴᠦᠨ ᠦ ᠬᠠᠩ᠋ᠭᠠᠮᠵᠢ ᠢᠢ ᠨᠡᠮᠡᠭᠳᠡᠭᠦᠯᠬᠦ ᠲᠠᠯ᠎ᠠ ᠳᠡᠭᠡᠷ᠎ᠡ ᠣᠯᠤᠯᠲᠠ ᠲᠠᠢ᠂ ᠠᠬᠢᠴᠠ ᠲᠠᠢ ᠠᠵᠢᠯᠯᠠᠭᠰᠠᠨ ᠨᠢ ᠨᠡᠭᠦᠳᠡᠯ ᠢ ᠵᠣᠭᠰᠣᠬᠤ᠂ ᠣᠷᠣᠨ ᠨᠤᠲᠤᠭ ᠤᠨ ᠬᠥᠭ᠍ᠵᠢᠯ ᠢ ᠳᠡᠮᠵᠢᠭᠰᠡᠨ᠃ ᠭᠡᠪᠡᠴᠦ ᠮᠠᠯᠴᠢᠨ ᠡᠷᠦᠬᠡ ᠨᠦᠭᠦᠳ ᠦᠨ ᠣᠷᠣᠯᠭ᠎ᠠ ᠢᠢ ᠨᠡᠮᠡᠭᠳᠡᠭᠦᠯᠬᠦ ᠲᠣᠮᠣᠬᠠᠨ ᠲᠥᠰᠥᠯ ᠦᠳ ᠢ ᠬᠡᠷᠡᠭᠵᠢᠭᠦᠯᠬᠦ ᠨᠢ ᠶᠠᠳᠠᠭᠤᠷᠠᠯ ᠢ ᠢᠯᠡᠭᠦᠦ ᠬᠤᠷᠳᠤᠨ ᠪᠠᠭᠤᠷᠠᠭᠤᠯᠤᠨ᠎ᠠ》 ᠭᠡᠵᠦ ᠦᠵᠡᠵᠦ ᠪᠤᠢ ᠢᠢ ᠪᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠯᠡᠷᠬᠡᠢᠢᠯᠡᠭᠡᠳ᠂ ᠵᠠᠷᠢᠮ ᠲᠥᠰᠥᠯ ᠬᠥᠲᠥᠯᠪᠦᠷᠢ ᠨᠦᠭᠦᠳ ᠢ ᠬᠠᠲᠤᠭᠲᠠᠢ ᠸᠢᠺᠲ᠋ᠣᠷᠢᠶ᠎ᠠ ᠺᠸᠠᠸᠺᠸᠠ ᠳᠤ ᠳᠡᠯᠭᠡᠷᠡᠩᠭᠦᠢ ᠲᠠᠨᠢᠯᠴᠠᠭᠤᠯᠪᠠ᠃

180 ᠮᠢᠩ᠋ᠭ᠎ᠠ ᠭᠠᠷᠤᠢ ᠮᠠᠯᠴᠢᠨ ᠡᠷᠦᠬᠡ ᠢᠢᠨ ᠣᠷᠣᠯᠭ᠎ᠠ ᠢᠢᠨ ᠡᠬᠢ ᠡᠭᠦᠰᠪᠦᠷᠢ ᠪᠣᠯᠤᠭᠰᠠᠨ ᠮᠢᠬ᠎ᠠ᠂ ᠠᠷᠠᠰᠤ ᠰᠢᠷᠢ᠂ ᠨᠣᠣᠰᠣ ᠨᠣᠯᠣᠭᠤᠷ ᠵᠡᠷᠭᠡ ᠪᠦᠲᠦᠭᠡᠭ᠍ᠳᠡᠬᠦᠨ ᠢ ᠪᠣᠯᠪᠠᠰᠤᠷᠠᠭᠤᠯᠵᠤ᠂ ᠡᠺᠰᠫᠣᠷᠲ ᠳᠤ ᠭᠠᠷᠭᠠᠬᠤ ᠲᠥᠰᠥᠯ ᠦᠳ ᠦᠨ ᠳᠧᠭᠨᠢᠭ ᠡᠳ᠋ ᠦᠨ ᠵᠠᠰᠠᠭ ᠤᠨ ᠦᠨᠳᠦᠰᠦᠯᠡᠯ ᠬᠢᠭ᠍ᠳᠡᠵᠦ᠂ ᠵᠠᠷᠢᠮ ᠪᠦᠲᠦᠭᠡᠭ᠍ᠳᠡᠬᠦᠨ ᠢ ᠲᠤᠷᠰᠢᠯᠲᠠ ᠪᠠᠷ ᠡᠺᠰᠫᠣᠷᠲ ᠲᠤ ᠭᠠᠷᠭᠠᠬᠤ ᠠᠵᠢᠯ ᠡᠬᠢᠯᠡᠭᠰᠡᠨ ᠨᠢ ᠳᠡᠯᠡᠬᠡᠢ ᠢᠢᠨ ᠪᠠᠩᠬᠢᠨ ᠤ ᠰᠣᠨᠢᠷᠬᠠᠯ ᠢ ᠲᠠᠲᠠᠵᠤ ᠪᠠᠢᠢᠭ᠎ᠠ ᠢᠢ ᠬᠠᠲᠤᠭᠲᠠᠢ ᠸᠢᠺᠲ᠋ᠣᠷᠢᠶ᠎ᠠ ᠺᠸᠠᠸᠺᠸᠠ ᠬᠡᠯᠡᠯ᠎ᠡ᠃ ᠤᠯᠠᠮ ᠢᠶᠠᠷ ᠲᠥᠰᠦᠯ ᠦᠳ ᠲᠡᠢ ᠲᠠᠨᠢᠯᠴᠠᠬᠤ ᠠᠵᠢᠯ ᠢ ᠲᠤᠰ ᠪᠠᠩᠬᠢᠨ ᠤ ᠮᠣᠩ᠋ᠭᠣᠯ ᠳ᠋ᠠᠬᠢ ᠰᠠᠭᠤᠷᠢᠨ ᠲᠥᠯᠦᠭᠡᠯᠡᠭᠴᠢ ᠠᠨᠳ᠋ᠷᠧᠢ ᠮᠢᠭᠨᠧᠸ ᠲ᠋ᠤ ᠳᠠᠭᠠᠭᠠᠯᠭᠠᠵᠤ᠂ ᠣᠳᠣ ᠢᠢᠨ ᠬᠡᠷᠡᠭᠵᠢᠵᠦ ᠪᠤᠢ ᠲᠥᠰᠦᠯ ᠦᠳ ᠲᠡᠢ ᠤᠶᠠᠯᠳᠤᠭᠤᠯᠬᠤ᠂ ᠪᠦᠰᠡ ᠨᠤᠲᠤᠭ ᠤᠨ ᠬᠡᠮᠵᠢᠶᠡᠨ ᠳᠥ ᠬᠡᠷᠡᠭᠵᠢᠬᠦ ᠲᠥᠰᠦᠯ ᠦᠳ ᠢ ᠲᠤᠬᠠᠢ ᠢᠢᠨ ᠪᠦᠰᠡ ᠨᠤᠲᠤᠭ ᠲᠤ ᠰᠠᠭᠤᠭ᠎ᠠ ᠳᠡᠯᠡᠬᠡᠢ ᠢᠢᠨ ᠪᠠᠩᠬᠢᠨ ᠤ ᠵᠠᠬᠢᠷᠤᠯ ᠤᠳ ᠲᠠᠢ ᠶᠠᠷᠢᠯᠴᠠᠵᠤ ᠳᠡᠮᠵᠢᠬᠦ ᠠᠰᠠᠭᠤᠳᠠᠯ ᠢᠶᠠᠷ ᠢᠳᠡᠪᠬᠢᠲᠡᠢ ᠠᠵᠢᠯᠯᠠᠨ᠎ᠠ ᠭᠡᠳᠡᠭ ᠢᠶᠡᠨ ᠢᠯᠡᠷᠬᠡᠢᠢᠯᠡᠯ᠎ᠡ᠃

ᠠᠭᠤᠯᠵᠠᠯᠲᠠ ᠢᠢᠨ ᠲᠡᠭᠦᠰᠬᠡᠯ ᠳᠥ 2020-2024 ᠣᠨ ᠳᠤ ᠮᠣᠩ᠋ᠭᠣᠯ ᠤᠯᠤᠰ ᠲᠠᠢ ᠬᠠᠮᠲᠤᠷᠠᠨ ᠠᠵᠢᠯᠯᠠᠬᠤ ᠲᠦᠩᠰᠢᠯᠡᠯ ᠦᠨ ᠴᠠᠷ᠎ᠠ ᠬᠦᠷᠢᠶ᠎ᠡ ᠢᠢ ᠲᠣᠳᠣᠷᠬᠠᠢᠢᠯᠠᠬᠤ᠂ ᠰᠲ᠋ᠷᠠᠲ᠋ᠧᠭᠢ ᠢᠢᠨ ᠪᠠᠷᠢᠮᠲᠠ ᠪᠢᠴᠢᠭ᠌ ᠢ ᠬᠠᠷᠢᠯᠴᠠᠨ ᠲᠣᠬᠢᠷᠠᠯᠴᠠᠬᠤ ᠡᠨᠡ ᠦᠶ᠎ᠡ ᠳᠥ ᠳᠡᠯᠭᠡᠷᠡᠩᠭᠦᠢ ᠶᠠᠷᠢᠯᠴᠠᠵᠤ᠂ ᠰᠠᠨᠠᠯ ᠰᠣᠯᠢᠯᠴᠠᠭᠰᠠᠨ ᠳᠤ ᠬᠠᠷᠢᠯᠴᠠᠨ ᠲᠠᠯᠠᠷᠬᠠᠯ ᠢᠯᠡᠷᠬᠡᠢᠢᠯᠡᠵᠦ᠂ ᠬᠦᠮᠦᠨ ᠠᠮᠠ ᠢᠢᠨ ᠶᠠᠳᠠᠭᠤᠷᠠᠯ ᠢ ᠪᠠᠭᠤᠷᠠᠭᠤᠯᠬᠤ᠂ ᠠᠰᠢᠭᠲᠤ ᠮᠠᠯᠲᠠᠮᠠᠯ ᠤᠨ ᠪᠤᠰᠤ ᠰᠠᠯᠪᠤᠷᠢ ᠢᠢᠨ ᠬᠥᠭ᠍ᠵᠢᠯ ᠢ ᠳᠡᠮᠵᠢᠬᠦ ᠳᠡᠭᠡᠷᠡᠬᠢ ᠲᠥᠰᠦᠯ ᠦᠳ ᠢ ᠬᠣᠶᠠᠷ ᠲᠠᠯ᠎ᠠ ᠠᠴᠠ ᠪᠠᠨ ᠲᠤᠭᠤᠰᠢᠲᠠᠢ ᠳᠡᠮᠵᠢᠵᠦ ᠠᠵᠢᠯᠯᠠᠬᠤ ᠪᠠᠷ ᠪᠣᠯᠪᠠ᠃