ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠭᠠᠳᠠᠭᠠᠳᠤ ᠳᠣᠲᠣᠭᠠᠳᠤ ᠢᠢᠨ ᠵᠣᠴᠢᠳ ᠲᠥᠯᠥᠭᠡᠯᠡᠭᠴᠢᠳ ᠡᠴᠡ ᠥᠪᠡᠷ ᠲᠥ ᠨᠢ ᠢᠷᠡᠭᠦᠯᠦᠭᠰᠡᠨ ᠱᠠᠰᠢᠨ ᠤ ᠪᠣᠯᠤᠨ ᠪᠤᠰᠤᠳ ᠬᠣᠯᠪᠣᠭᠳᠠᠯ ᠲᠠᠢ ᠪᠡᠯᠡᠭ ᠳᠤᠷᠠᠰᠬᠠᠯ᠂ ᠦᠨᠡᠲᠦ ᠵᠦᠢᠯᠡᠰ᠂ ᠬᠣᠪᠣᠷ ᠨᠠᠨᠳᠢᠨ ᠵᠦᠢᠯᠡᠰ ᠢ ᠲᠥᠷᠥ ᠢᠢᠨ ᠣᠷᠳᠣᠨ ᠤ ᠲᠥᠷᠥ ᠢᠢᠨ ᠲᠡᠦᠬᠡ ᠢᠢᠨ ᠮᠦᠽᠧᠢ ᠢᠢᠨ ᠰᠠᠩ ᠬᠥᠮᠥᠷᠭᠡ ᠳᠥ ᠰᠢᠯᠵᠢᠭᠦᠯᠦᠯ᠎ᠡ᠃
ᠮᠥᠨ ᠮᠣᠩ᠋ᠭᠣᠯ ᠪᠠᠬᠠᠷᠬᠠᠯ ᠤᠨ ᠡᠳᠦᠷ ᠢ ᠲᠣᠬᠢᠶᠠᠯᠳᠤᠭᠤᠯᠤᠨ ᠰᠤᠷᠤᠭᠴᠢᠳ ᠤᠨ ᠳᠤᠮᠳᠠ ᠵᠣᠬᠢᠶᠠᠨ ᠪᠠᠢᠢᠭᠤᠯᠤᠭᠰᠠᠨ 《ᠮᠥᠩᠬᠡ ᠲᠩᠷᠢ ᠢᠢᠨ ᠪᠢᠴᠢᠭ᠌》 ᠤᠷᠠᠨ ᠪᠢᠴᠢᠯᠭᠡ ᠢᠢᠨ ᠦᠵᠡᠰᠬᠦᠯᠡᠩ ᠦᠨ ᠬᠠᠮᠤᠭ ᠤᠨ ᠶᠡᠬᠡ ᠬᠥᠳᠡᠯᠮᠦᠷᠢ ᠵᠠᠷᠤᠴᠠᠭᠤᠯᠤᠭᠰᠠᠨ ᠪᠦᠲᠦᠭᠡᠯ ᠪᠣᠯᠬᠤ 《ᠨᠢᠭᠤᠴᠠ ᠲᠣᠪᠴᠢᠶ᠎ᠠ》 ᠤᠷᠠᠨ ᠪᠢᠴᠢᠯᠭᠡ ᠢᠢᠨ ᠪᠦᠲᠦᠭᠡᠯ ᠢ ᠮᠦᠽᠧᠢ ᠢᠢᠨ ᠰᠠᠩ ᠬᠥᠮᠥᠷᠭᠡ ᠳᠥ ᠬᠠᠨᠳᠢᠪᠯᠠᠵᠤ᠂ ᠪᠦᠲᠦᠭᠡᠯ ᠢ ᠲᠤᠭᠤᠷᠪᠢᠭᠰᠠᠨ ᠰᠤᠷᠤᠭᠴᠢᠳ ᠲᠠᠢ ᠠᠭᠤᠯᠵᠠᠯ᠎ᠠ᠃
ᠲᠣᠭᠣᠷᠢᠭ ᠬᠡᠯᠪᠡᠷᠢ ᠪᠡᠷ ᠪᠢᠴᠢᠭᠰᠡᠨ ᠡᠨᠡᠬᠦ ᠪᠦᠲᠦᠭᠡᠯ ᠨᠢ ᠮᠣᠩ᠋ᠭᠣᠯ ᠤᠨ ᠨᠢᠭᠤᠴᠠ ᠲᠣᠪᠴᠢᠶᠠᠨ ᠤ ᠡᠬᠢᠨ ᠦ ᠲᠠᠪᠤᠨ ᠪᠦᠯᠦᠭ ᠡᠴᠡ ᠡᠬᠢᠨ ᠦ ᠲᠣᠭᠣᠷᠢᠭ ᠲᠤ 31 ᠮᠥᠷ᠂ ᠬᠣᠶᠠᠳᠤᠭᠠᠷ ᠲᠣᠭᠣᠷᠢᠭ ᠲᠤ 194 ᠮᠥᠷ᠂ ᠭᠤᠷᠪᠠᠳᠤᠭᠠᠷ ᠲᠣᠭᠣᠷᠢᠭ ᠲᠤ 576 ᠮᠥᠷ᠂ ᠨᠡᠢᠢᠲᠡ 802 ᠮᠥᠷ ᠪᠢᠴᠢᠭᠰᠡᠨ ᠪᠥᠭᠡᠳ ᠮᠣᠩ᠋ᠭᠣᠯ ᠤᠨ ᠬᠡᠦᠬᠡᠳ ᠦᠨ ᠤᠷᠠᠯᠠᠨ ᠪᠦᠲᠦᠭᠡᠬᠦ ᠲᠥᠪ ᠦᠨ ᠤᠷᠠᠨ ᠪᠢᠴᠢᠯᠭᠡ ᠢᠢᠨ ᠳᠤᠭᠤᠢᠢᠯᠠᠩ ᠤᠨ ᠪᠠᠭᠰᠢ ᠲ ∙ ᠭᠠᠩᠪᠠᠭᠠᠲᠤᠷ 21 ᠤᠷᠠᠨ ᠪᠦᠲᠦᠭᠡᠯᠴᠢ᠂ ᠰᠤᠷᠤᠭᠴᠢᠳ ᠬᠠᠮᠲᠤᠷᠠᠨ ᠪᠦᠲᠦᠭᠡᠭ᠍ᠰᠡᠨ ᠶᠤᠮ᠃
ᠡᠨᠡ ᠪᠦᠲᠦᠭᠡᠯ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠤᠳᠠᠯᠳᠤᠵᠤ ᠠᠪᠬᠤ ᠪᠠᠨ ᠢᠯᠡᠷᠬᠡᠢᠢᠯᠡᠵᠦ ᠪᠠᠢᠢᠭᠰᠠᠨ ᠪᠥᠭᠡᠳ ᠢᠯᠡᠭᠦᠦ ᠣᠯᠠᠨ ᠬᠦᠮᠦᠨ ᠳᠥ ᠬᠦᠷᠭᠡᠵᠦ᠂ ᠦᠨᠳᠦᠰᠦᠨ ᠦ ᠪᠢᠴᠢᠭ᠌ ᠰᠣᠶᠣᠯ ᠤᠨ ᠬᠡᠷᠡᠭᠯᠡᠭᠡ ᠢᠢ ᠨᠡᠮᠡᠭᠳᠡᠭᠦᠯᠬᠦ᠂ ᠰᠤᠷᠤᠭᠴᠢᠳ ᠲᠤ ᠲᠠᠨᠢᠭᠤᠯᠬᠤ ᠡᠭᠦᠳᠡᠨ ᠡᠴᠡ ᠮᠦᠽᠧᠢ ᠳᠥ ᠪᠠᠢᠢᠷᠢᠰᠢᠭᠤᠯᠤᠯᠠ᠃