ᠱᠸᠧᠢᠼᠠᠷ ᠤᠨ ᠬᠣᠯᠪᠣᠭᠠᠨ ᠤ ᠤᠯᠤᠰ ᠤᠨ ᠳ᠋ᠠᠸᠣᠰ ᠬᠣᠲᠠ ᠳᠤ ᠥᠨᠥᠳᠥᠷ /2020.01.21/ ᠳᠡᠯᠡᠬᠡᠢ ᠢᠢᠨ ᠡᠳ᠋ ᠍ ᠦᠨ ᠵᠠᠰᠠᠭ ᠤᠨ ᠴᠢᠭᠤᠯᠭᠠᠨ ᠡᠬᠢᠯᠡᠯ᠎ᠡ᠃ ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ ᠪᠠᠷ ᠡᠺᠣᠯᠣᠭᠢ᠂ ᠡᠳ᠋ ᠍ ᠦᠨ ᠵᠠᠰᠠᠭ᠂ ᠲᠧᠭᠨᠣᠯᠣᠭᠢ᠂ ᠨᠡᠢᠢᠭᠡᠮ᠂ ᠭᠧᠣᠫᠣᠯᠢᠲ᠋ᠢᠭ᠂ ᠠᠵᠤ ᠦᠢᠯᠡᠳᠪᠦᠷᠢ ᠭᠡᠰᠡᠨ ᠦᠨᠳᠦᠰᠦᠨ ᠵᠢᠷᠭᠤᠭᠠᠨ ᠴᠢᠭᠯᠡᠯ ᠢᠶᠡᠷ ᠥᠷᠭᠡᠨ ᠬᠦᠷᠢᠶᠡᠨ ᠦ ᠠᠭᠤᠯᠵᠠᠯᠲᠠ ᠶᠠᠷᠢᠯᠴᠠᠯᠭ᠎ᠠ ᠥᠷᠨᠢᠭᠦᠯᠬᠦ ᠪᠡᠷ ᠵᠠᠷᠢᠮ ᠤᠯᠤᠰ ᠤᠨ ᠲᠥᠷᠦ᠂ ᠵᠠᠰᠠᠭ ᠤᠨ ᠲᠡᠷᠢᠭᠦᠨ ᠢ ᠣᠷᠤᠯᠴᠠᠭᠤᠯᠤᠨ 117 ᠤᠯᠤᠰ ᠤᠨ 3000 ᠭᠠᠷᠤᠢ ᠬᠦᠮᠦᠨ ᠬᠦᠷᠦᠯᠴᠡᠨ ᠢᠷᠡᠭᠰᠡᠨ ᠶᠤᠮ᠃
ᠵᠢᠯ ᠪᠦᠷᠢ ᠢᠢᠨ ᠳᠡᠯᠡᠬᠡᠢ ᠢᠢᠨ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ ᠳᠤ ᠮᠣᠩ᠋ᠭᠣᠯ ᠤᠯᠤᠰ ᠥᠨᠳᠥᠷ ᠠᠴᠢ ᠬᠣᠯᠪᠣᠭᠳᠠᠯ ᠥᠭᠳᠡᠭ ᠪᠥᠭᠡᠳ 2009-2011᠂ 2013-2017 ᠣᠨ ᠨᠤᠭᠤᠳ ᠲᠤ ᠶᠡᠷᠦᠩᠬᠡᠢᠢᠯᠡᠭᠴᠢ ᠢᠢᠨ ᠲᠦᠪᠰᠢᠨ ᠳᠥ᠂ 1997᠂ 1998᠂ 2001᠂ 2002᠂ 2003 ᠪᠣᠯᠤᠨ 2012 ᠣᠨ ᠳᠤ ᠶᠡᠷᠦᠩᠬᠡᠢ ᠰᠠᠢᠢᠳ ᠤᠨ ᠲᠦᠪᠰᠢᠨ ᠳᠥ᠂ 1991᠂ 2018᠂ 2019 ᠣᠨ ᠳᠤ ᠵᠠᠰᠠᠭ ᠤᠨ ᠭᠠᠵᠠᠷ ᠤᠨ ᠰᠠᠢᠢᠳ ᠤᠨ ᠲᠦᠪᠰᠢᠨ ᠳᠥ ᠣᠷᠣᠯᠴᠠᠵᠤ ᠪᠠᠢᠢᠭᠰᠠᠨ ᠪᠣᠯ ᠡᠨᠡ ᠵᠢᠯ ᠳᠠᠬᠢᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠦᠪᠰᠢᠨ ᠳᠥ ᠣᠷᠣᠯᠴᠠᠵᠤ ᠪᠠᠢᠢᠨ᠎ᠠ᠃
《ᠤᠶᠠᠯᠳᠤᠭ᠎ᠠ ᠬᠣᠯᠪᠣᠭ᠎ᠠ ᠪᠦᠬᠦᠢ ᠲᠣᠭᠲᠠᠪᠤᠷᠢᠲᠠᠢ ᠳᠡᠯᠡᠬᠡᠢ ᠶᠢᠷᠲᠢᠨᠴᠦ ᠢᠢ ᠴᠣᠭᠴᠠᠯᠠᠭᠠᠬᠤ ᠨᠢ》 ᠰᠡᠳᠦᠪ ᠢᠶᠡᠷ ᠵᠣᠬᠢᠶᠠᠨ ᠪᠠᠢᠢᠭᠤᠯᠤᠭᠳᠠᠵᠤ ᠪᠠᠢᠢᠭ᠎ᠠ ᠳᠡᠯᠡᠬᠡᠢ ᠢᠢᠨ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ ᠢᠢᠨ ᠡᠬᠢᠨ ᠦ ᠡᠳᠦᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠴᠢᠭᠤᠯᠭᠠᠨ ᠤ ᠨᠡᠭᠡᠭᠡᠯᠲᠡ ᠳᠥ ᠣᠷᠣᠯᠴᠠᠵᠤ᠂ 《ᠠᠭᠠᠷ ᠤᠨ ᠪᠣᠬᠢᠷᠳᠠᠯ ᠲᠠᠢ ᠲᠡᠮᠡᠴᠡᠬᠦ ᠨᠢ》᠂ 《ᠧᠦ᠋ᠷᠣᠠᠽᠢ ᠢᠢᠨ ᠰᠢᠨ᠎ᠡ ᠬᠡᠲᠦ ᠢᠢᠨ ᠲᠥᠯᠥᠪ-ᠲᠣᠭᠲᠠᠪᠤᠷᠢᠲᠠᠢ ᠬᠥᠭ᠍ᠵᠢᠯ ᠦᠨ ᠲᠥᠯᠦᠭᠡᠬᠢ ᠲᠦᠩᠰᠢᠯᠡᠯ》 ᠭᠡᠰᠡᠨ ᠬᠤᠷᠠᠯᠳᠤᠭᠠᠨ ᠳᠤ ᠣᠷᠣᠯᠴᠠᠵᠤ᠂ ᠪᠥᠰᠡ ᠨᠤᠲᠤᠭ ᠤᠨ ᠤᠶᠠᠯᠳᠤᠭ᠎ᠠ ᠬᠣᠯᠪᠣᠭ᠎ᠠ ᠢᠢ ᠰᠠᠢᠢᠵᠢᠷᠠᠭᠤᠯᠬᠤ ᠠᠰᠠᠭᠤᠳᠠᠯ ᠢᠶᠠᠷ ᠵᠠᠷᠢᠮ ᠤᠯᠤᠰ ᠤᠨ ᠲᠥᠷᠥ ᠵᠠᠰᠠᠭ ᠤᠨ ᠲᠡᠷᠢᠭᠦᠨ᠂ ᠡᠷᠳᠡᠮᠲᠡᠨ ᠰᠤᠳᠤᠯᠤᠭᠠᠴᠢᠳ ᠲᠠᠢ ᠰᠠᠨᠠᠯ ᠰᠣᠯᠢᠯᠴᠠᠭᠰᠠᠨ ᠶᠤᠮ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠠᠷᠭᠠᠰᠢ ᠳᠡᠯᠡᠬᠡᠢ ᠢᠢᠨ ᠡᠳ᠋ ᠍ ᠦᠨ ᠵᠠᠰᠠᠭ ᠤᠨ ᠴᠢᠭᠤᠯᠭᠠᠨ ᠤ ᠬᠣᠶᠠᠷ ᠳᠠᠬᠢ ᠡᠳᠦᠷ ᠵᠠᠷᠢᠮ ᠤᠯᠤᠰ ᠤᠨ ᠲᠥᠷᠥ ᠵᠠᠰᠠᠭ ᠤᠨ ᠲᠡᠷᠢᠭᠦᠨ ᠲᠡᠢ ᠬᠣᠶᠠᠷ ᠲᠠᠯᠠᠳᠤ ᠠᠭᠤᠯᠵᠠᠯᠲᠠ ᠬᠢᠵᠦ᠂ ᠰᠠᠯᠪᠤᠷᠢ ᠬᠤᠷᠠᠯᠳᠤᠭᠠᠨ ᠨᠤᠭᠤᠳ ᠲᠤ ᠣᠷᠣᠯᠴᠠᠬᠤ ᠪᠠᠷ ᠲᠥᠯᠥᠪᠯᠡᠵᠦ ᠪᠠᠢᠢᠨ᠎ᠠ᠃