ᠳᠡᠯᠡᠬᠡᠢ ᠢᠢᠨ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ ᠳᠤ ᠣᠷᠣᠯᠴᠠᠵᠤ ᠪᠠᠢᠢᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠤᠰ ᠴᠢᠭᠤᠯᠭᠠᠨ ᠢ ᠵᠣᠬᠢᠶᠠᠨ ᠪᠠᠢᠢᠭᠤᠯᠳᠠᠭ 《ᠳᠡᠯᠡᠬᠡᠢ ᠢᠢᠨ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ ᠪᠠᠢᠢᠭᠤᠯᠤᠯᠭ᠎ᠠ》 ᠍ ᠤᠨ ᠶᠡᠷᠦᠩᠬᠡᠢᠢᠯᠡᠭᠴᠢ ᠨᠣᠶᠠᠨ ᠪᠦᠷᠭᠧ ᠪᠷᠧᠨ᠋ᠳ᠋ ᠍ ᠢ ᠥᠨᠥᠳᠥᠷ ᠬᠦᠯᠢᠶᠡᠨ ᠠᠪᠴᠤ ᠠᠭᠤᠯᠵᠠᠯ᠎ᠠ᠃
ᠭᠧᠣᠫᠣᠯᠢᠲ᠋ᠢᠺ ᠤᠨ ᠠᠰᠠᠭᠤᠳᠠᠯ ᠢᠶᠠᠷ ᠭᠣᠣᠯᠴᠢᠯᠠᠨ ᠶᠠᠷᠢᠯᠴᠠᠭᠰᠠᠨ ᠠᠭᠤᠯᠵᠠᠯᠲᠠ ᠢᠢᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠧᠦ᠋ᠷᠠᠽᠢ ᠢᠢ ᠬᠣᠯᠪᠣᠭᠰᠠᠨ ᠮᠣᠩ᠋ᠭᠣᠯ ᠤᠯᠤᠰ ᠤᠨ ᠠᠦ᠋ᠲ᠋ᠣ᠋ ᠵᠠᠮ᠂ ᠡᠳᠦᠭᠡ ᠥᠷᠭᠡᠵᠢᠵᠦ ᠪᠤᠢ ᠲᠡᠮᠦᠷ ᠵᠠᠮ ᠤᠨ ᠰᠦᠯᠵᠢᠶᠡᠨ ᠦ ᠲᠠᠯ᠎ᠠ ᠪᠠᠷ ᠪᠣᠯᠤᠨ ᠮᠣᠩ᠋ᠭᠣᠯ ᠤᠯᠤᠰ ᠳᠠᠬᠢ ᠡᠷᠴᠢᠮ ᠬᠦᠴᠦᠨ ᠦ ᠨᠥᠭᠡᠴᠡ ᠪᠣᠯᠤᠮᠵᠢ ᠢᠢᠨ ᠲᠠᠯ᠎ᠠ ᠪᠠᠷ ᠳᠡᠯᠭᠡᠷᠡᠩᠭᠦᠢ ᠮᠡᠳᠡᠭᠡᠯᠡᠯ ᠥᠭᠴᠦ᠂ ᠬᠠᠷᠢᠯᠴᠠᠨ ᠰᠠᠨᠠᠯ ᠰᠣᠯᠢᠯᠴᠠᠯ᠎ᠠ᠃
ᠨᠠᠷᠠ᠂ ᠰᠠᠯᠬᠢᠨ ᠤ ᠡᠬᠢ ᠡᠭᠦᠰᠪᠦᠷᠢ ᠪᠦᠬᠦᠢ ᠴᠠᠬᠢᠯᠭᠠᠨ ᠦᠢᠯᠡᠳᠪᠦᠷᠢᠯᠡᠯ ᠢᠶᠡᠷ ᠳᠠᠮᠵᠢᠭᠤᠯᠤᠨ ᠵᠡᠭᠦᠨ ᠬᠣᠢᠢᠳᠤ ᠠᠽᠢᠶ᠎ᠠ ᠳᠤ ᠬᠢᠮᠳᠠ ᠡᠷᠴᠢᠮ ᠬᠦᠴᠦ ᠨᠡᠢᠢᠯᠡᠭᠦᠯᠬᠦ 《ᠰᠦᠫᠧᠷ ᠰᠦᠯᠵᠢᠶ᠎ᠡ》 ᠰᠠᠨᠠᠭᠠᠴᠢᠯᠠᠭ᠎ᠠ ᠨᠢ ᠪᠥᠰᠡ ᠨᠤᠲᠤᠭ ᠤᠨ ᠬᠡᠮᠵᠢᠶᠡᠨ ᠳᠥ ᠰᠣᠨᠢᠷᠬᠠᠯ ᠲᠠᠲᠠᠬᠤᠢᠢᠴᠠ᠂ ᠮᠥᠨ ᠮᠣᠩ᠋ᠭᠣᠯ ᠤᠯᠤᠰ ᠤᠨ ᠳᠡᠳ᠋ ᠪᠦᠲᠦᠴᠡ ᠨᠢ ᠧᠦ᠋ᠷᠠᠽᠢ ᠢᠢ ᠬᠣᠯᠪᠣᠭᠰᠠᠨ ᠴᠢᠬᠤᠯᠠ ᠵᠠᠩᠭᠢᠯᠠᠭ᠎ᠠ ᠭᠡᠳᠡᠭ ᠲᠡᠢ ᠨᠣᠶᠠᠨ ᠪᠦᠷᠭᠧ ᠪᠦᠷᠢᠨ ᠰᠠᠨᠠᠯ ᠨᠢᠭᠡᠳᠦᠭᠰᠡᠨ ᠶᠤᠮ᠃ ᠤᠯᠠᠮ ᠢᠶᠠᠷ ᠡᠨᠡ ᠣᠨ ᠤ ᠳᠣᠯᠣᠳᠤᠭᠠᠷ ᠰᠠᠷ᠎ᠠ ᠳᠤ ᠢᠨ᠋ᠳᠥᠨᠧᠽ ᠤᠯᠤᠰ ᠤᠨ ᠵᠠᠺᠠᠷᠲ᠋ᠠ ᠬᠣᠲᠠ ᠳᠤ ᠵᠣᠬᠢᠶᠠᠨ ᠪᠠᠢᠢᠭᠤᠯᠤᠭᠳᠠᠬᠤ 《ASEAN᠂ ᠡᠨᠡᠳᠬᠡᠭ᠌-ᠨᠣᠮᠣᠬᠠᠨ ᠳᠠᠯᠠᠢ ᠢᠢᠨ ᠣᠷᠣᠨ ᠨᠤᠭᠤᠳ ᠤᠨ ᠳᠡᠯᠡᠬᠡᠢ ᠢᠢᠨ ᠡᠳ᠋ ᠍ ᠦᠨ ᠵᠠᠰᠠᠭ ᠤᠨ ᠴᠢᠭᠤᠯᠭᠠᠨ》 ᠍ ᠤ ᠦᠶ᠎ᠡ ᠪᠡᠷ ᠳᠡᠳ᠋ ᠪᠦᠲᠦᠴᠡ ᠪᠣᠯᠤᠭᠠᠳ ᠡᠷᠴᠢᠮ ᠬᠦᠴᠦᠨ ᠦ ᠰᠠᠯᠪᠤᠷᠢ ᠳᠤ ᠬᠡᠷᠡᠭᠵᠢᠵᠦ ᠪᠤᠢ ᠲᠥᠰᠥᠯ ᠦᠳ ᠲᠥ ᠬᠥᠷᠥᠩᠭᠡ ᠣᠷᠣᠭᠤᠯᠤᠯᠲᠠ ᠲᠠᠲᠠᠬᠤ᠂ ᠤᠯᠤᠰ ᠣᠷᠣᠨ ᠤ ᠣᠷᠣᠯᠴᠠᠭ᠎ᠠ ᠢᠢ ᠨᠡᠮᠡᠭᠳᠡᠭᠦᠯᠬᠦ ᠡᠭᠦᠳᠡᠨ ᠡᠴᠡ ᠲᠤᠰᠬᠠᠢᠢᠯᠠᠨ ᠰᠠᠯᠪᠤᠷᠢ ᠬᠤᠷᠠᠯᠳᠤᠭᠠᠨ ᠵᠣᠬᠢᠶᠠᠨ ᠪᠠᠢᠢᠭᠤᠯᠬᠤ ᠠᠰᠠᠭᠤᠳᠠᠯ ᠢᠶᠠᠷ ᠶᠠᠷᠢᠯᠴᠠᠵᠤ᠂ ᠲᠣᠬᠢᠷᠠᠯᠴᠠᠪᠠ᠃