Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠱᠸᠧᠢᠼᠠᠷ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠰᠢᠮᠣᠨᠧᠲ᠋ᠲ᠋ᠠ ᠰᠤᠮᠮᠠᠷᠦ᠋ᠭᠠ ᠨᠠᠷ ᠠᠭᠤᠯᠵᠠᠯ᠎ᠠ

ᠱᠸᠧᠢᠼᠠᠷ ᠤᠨ ᠬᠣᠯᠪᠣᠭᠠᠨ ᠤ ᠤᠯᠤᠰ ᠤᠨ ᠳ᠋ᠠᠸᠣᠰ ᠬᠣᠲᠠᠨ᠎ᠠ ᠳᠡᠯᠡᠬᠡᠢ ᠢᠢᠨ ᠡᠳ᠋ ᠍ ᠦᠨ ᠵᠠᠰᠠᠭ ᠤᠨ ᠴᠢᠭᠤᠯᠭᠠᠨ ᠳᠤ ᠣᠷᠣᠯᠴᠠᠵᠤ ᠪᠠᠢᠢᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠶᠡᠷᠦᠩᠬᠡᠢᠢᠯᠡᠭᠴᠢ ᠬᠠᠲᠤᠭᠲᠠᠢ ᠰᠢᠮᠣᠨᠧᠲ᠋ᠲ᠋ᠠ ᠰᠤᠮᠮᠠᠷᠦ᠋ᠭᠠ  ᠲᠠᠢ ᠠᠭᠤᠯᠵᠠᠯ᠎ᠠ᠃

ᠬᠣᠶᠠᠷ ᠤᠯᠤᠰ ᠤᠨ ᠲᠥᠷᠥ ᠢᠢᠨ ᠲᠡᠷᠢᠭᠦᠨ ᠨᠠᠷ ᠮᠣᠩ᠋ᠭᠣᠯ ᠤᠯᠤᠰ ᠤᠨ ᠴᠠᠭ ᠠᠭᠤᠷ ᠤᠨ ᠥᠭᠡᠷᠡᠴᠢᠯᠡᠯᠲᠡ ᠢᠢᠨ ᠠᠰᠠᠭᠤᠳᠠᠯ ᠢᠶᠠᠷ ᠰᠠᠨᠠᠯ ᠰᠣᠯᠢᠯᠴᠠᠵᠤ᠂ ᠤᠰᠤᠨ ᠤ ᠬᠣᠮᠰᠠᠳᠠᠯ ᠡᠭᠦᠰᠬᠦ ᠡᠴᠡ ᠰᠡᠷᠭᠡᠢᠢᠯᠡᠬᠦ᠂ ᠲᠤᠰᠬᠠᠢ ᠬᠠᠮᠠᠭᠠᠯᠠᠯᠲᠠ ᠲᠠᠢ ᠨᠤᠲᠤᠭ ᠤᠨ ᠬᠡᠮᠵᠢᠶ᠎ᠡ ᠢᠢ ᠨᠡᠮᠡᠭᠳᠡᠭᠦᠯᠬᠦ ᠴᠢᠭᠯᠡᠯ ᠢᠶᠡᠷ ᠢᠳᠡᠪᠬᠢᠲᠡᠢ ᠠᠵᠢᠯᠯᠠᠳᠠᠭ ᠣᠯᠠᠨ ᠤᠯᠤᠰ ᠤᠨ ᠡᠪᠰᠡᠯ ᠳᠥ ᠨᠢᠭᠡᠳᠬᠦ ᠵᠡᠷᠭᠡ ᠠᠰᠠᠭᠤᠳᠠᠯ ᠢᠶᠠᠷ ᠶᠠᠷᠢᠯᠴᠠᠭᠰᠠᠨ ᠶᠤᠮ᠃ ᠤᠯᠠᠮ ᠢᠶᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2030 ᠣᠨ ᠭᠡᠬᠦ ᠳᠥ ᠲᠤᠰᠬᠠᠢ ᠬᠠᠮᠠᠭᠠᠯᠠᠯᠲᠠ ᠲᠠᠢ ᠨᠤᠲᠤᠭ ᠤᠨ ᠬᠡᠮᠵᠢᠶ᠎ᠡ ᠢᠢ 30 ᠬᠤᠪᠢ ᠳᠤ ᠬᠦᠷᠭᠡᠬᠦ ᠲᠤᠬᠠᠢ ᠰᠠᠨᠠᠭᠠᠴᠢᠯᠠᠭ᠎ᠠ ᠢᠢ ᠳᠡᠮᠵᠢᠵᠦ ᠠᠵᠢᠯᠯᠠᠬᠤ ᠪᠠᠨ᠂ ᠮᠥᠨ ᠱᠸᠧᠢᠼᠠᠷ ᠤᠨ ᠬᠥᠭ᠍ᠵᠢᠯ ᠦᠨ ᠠᠭᠧᠨ᠋ᠲ᠋ᠯᠢᠭ ᠠᠴᠠ ᠮᠣᠩ᠋ᠭᠣᠯ ᠤᠯᠤᠰ ᠲᠤ ᠪᠠᠢᠢᠭᠠᠯᠢ ᠣᠷᠴᠢᠨ ᠢ ᠬᠠᠮᠠᠭᠠᠯᠠᠬᠤ ᠴᠢᠭᠯᠡᠯ ᠢᠶᠡᠷ ᠬᠡᠷᠡᠭᠵᠢᠭᠦᠯᠵᠦ ᠪᠤᠢ ᠲᠥᠰᠦᠯ ᠦᠳ ᠢ ᠥᠷᠭᠡᠳᠬᠡᠬᠦ ᠬᠦᠰᠡᠯ ᠲᠡᠢ ᠪᠠᠢᠢᠭ᠎ᠠ ᠭᠡᠳᠡᠭ ᠢᠶᠡᠨ ᠢᠯᠡᠷᠬᠡᠢᠢᠯᠡᠪᠡ᠃