ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠱᠸᠧᠢᠼᠠᠷ ᠤᠨ ᠬᠣᠯᠪᠣᠭᠠᠨ ᠤ ᠤᠯᠤᠰ ᠤᠨ ᠳ᠋ᠠᠸᠣᠰ ᠬᠣᠲᠠᠨ᠎ᠠ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠵᠢᠵᠢᠭ᠂ ᠳᠤᠮᠳᠠ ᠦᠢᠯᠡᠳᠪᠦᠷᠢ᠂ ᠭᠠᠷᠠᠭᠠᠨ ᠤ ᠪᠢᠽᠢᠨ᠋᠋ᠧᠰ ᠦᠨ ᠠᠰᠠᠭᠤᠳᠠᠯ ᠬᠠᠷᠢᠭᠤᠴᠠᠭᠰᠠᠨ ᠰᠠᠢᠢᠳ ᠫᠠᠺ ᠶᠣᠩ-ᠰᠤᠩ ᠢ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠪᠠᠷ ᠲᠠᠯ᠎ᠠ ᠨᠤᠭᠤᠳ ᠬᠣᠶᠠᠷ ᠤᠯᠤᠰ ᠤᠨ ᠵᠢᠵᠢᠭ᠂ ᠳᠤᠮᠳᠠ ᠦᠢᠯᠡᠳᠪᠦᠷᠢ ᠡᠷᠬᠢᠯᠡᠭᠴᠢ ᠵᠠᠯᠠᠭᠤᠴᠤᠳ ᠢ ᠳᠡᠮᠵᠢᠬᠦ ᠠᠰᠠᠭᠤᠳᠠᠯ ᠢᠶᠠᠷ ᠶᠠᠷᠢᠯᠴᠠᠪᠠ᠃
ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠩ 2019 ᠣᠨ ᠳᠤ ᠮᠣᠩ᠋ᠭᠣᠯ ᠤᠯᠤᠰ ᠲᠤ ᠠᠢᠢᠯᠴᠢᠯᠠᠬᠤ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠯᠠᠭᠤ ᠪᠢᠽᠢᠨ᠋᠋ᠧᠰ ᠡᠷᠬᠢᠯᠡᠭᠴᠢᠳ ᠢ ᠳᠡᠮᠵᠢᠨ᠂ ᠤᠶᠠᠯᠳᠤᠭ᠎ᠠ ᠬᠣᠯᠪᠣᠭ᠎ᠠ ᠢᠢ ᠰᠠᠢᠢᠵᠢᠷᠠᠭᠤᠯᠬᠤ ᠵᠣᠷᠢᠯᠭ᠎ᠠ ᠪᠠᠷ ᠵᠠᠯᠠᠭᠤ ᠪᠢᠽᠢᠨ᠋᠋ᠧᠰ ᠡᠷᠬᠢᠯᠡᠭᠴᠢᠳ ᠦᠨ ᠵᠥᠪᠯᠡᠯ ᠪᠠᠢᠢᠭᠤᠯᠬᠤ ᠰᠠᠨᠠᠯ ᠭᠠᠷᠭᠠᠵᠤ ᠪᠠᠢᠢᠭᠰᠠᠨ ᠶᠤᠮ᠃
ᠡᠨᠡ ᠰᠠᠨᠠᠯ ᠢ ᠰᠠᠯᠪᠤᠷᠢ ᠢᠢᠨ ᠰᠠᠢᠢᠳ ᠤᠨ ᠬᠤᠪᠢ ᠳᠤ ᠰᠤᠳᠤᠯᠵᠤ᠂ ᠠᠵᠢᠯ ᠬᠡᠷᠡᠭ ᠪᠣᠯᠭᠠᠬᠤ ᠢᠢ ᠬᠠᠲᠤᠭᠲᠠᠢ ᠫᠠᠺ ᠶᠣᠩ-ᠰᠤᠩ ᠢ ᠠᠴᠠ ᠬᠦᠰᠡᠪᠡ᠃ ᠢᠩᠭᠢᠬᠦ ᠳᠥ ᠪᠡᠨ᠂ ᠬᠥᠳᠡᠭᠡ ᠠᠵᠤ ᠠᠬᠤᠢ᠂ ᠬᠦᠨᠡᠰᠦ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠳᠤ ᠬᠢᠭ᠍ᠳᠡᠭᠰᠡᠨ ᠰᠤᠳᠤᠯᠭ᠎ᠠ ᠲᠠᠢ ᠲᠠᠨᠢᠯᠴᠠᠵᠤ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠠᠴᠠ ᠬᠥᠷᠦᠩᠭᠡ ᠣᠷᠣᠭᠤᠯᠤᠯᠲᠠ ᠬᠢᠬᠦ᠂ ᠨᠣᠤ ᠬᠠᠤ᠂ ᠲᠧᠭᠨᠣᠯᠣᠭᠢ ᠨᠡᠪᠲᠡᠷᠡᠭᠦᠯᠬᠦ ᠴᠢᠭᠯᠡᠯ ᠳᠥ ᠪᠦᠬᠦᠢ ᠯᠠ ᠲᠦᠪᠰᠢᠨ ᠳᠥ ᠬᠠᠮᠲᠤᠷᠠᠨ ᠠᠵᠢᠯᠯᠠᠬᠤ ᠳᠤ ᠪᠡᠯᠡᠨ ᠪᠠᠢᠢᠭ᠎ᠠ ᠪᠠᠨ ᠳᠠᠬᠢᠨ ᠪᠠᠲᠤᠳᠬᠠᠪᠠ᠃