ᠱᠸᠧᠢᠼᠠᠷ ᠤᠨ ᠬᠣᠯᠪᠣᠭᠠᠨ ᠤ ᠤᠯᠤᠰ ᠤᠨ ᠳ᠋ᠠᠸᠣᠰ ᠬᠣᠲᠠᠨ᠎ᠠ ᠳᠡᠯᠡᠬᠡᠢ ᠢᠢᠨ ᠡᠳ᠋ ᠍ ᠦᠨ ᠵᠠᠰᠠᠭ ᠤᠨ ᠴᠢᠭᠤᠯᠭᠠᠨ ᠳᠤ ᠣᠷᠣᠯᠴᠠᠵᠤ ᠪᠠᠢᠢᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠰᠢᠩ᠋ᠭᠠᠫᠦᠷ ᠤᠯᠤᠰ ᠤᠨ ᠶᠡᠷᠦᠩᠬᠡᠢ ᠰᠠᠢᠢᠳ ᠯᠢ ᠰᠶᠠᠨᠢ ᠯᠤᠩ ᠨᠠᠷ ᠥᠨᠥᠳᠥᠷ ᠳ᠋ᠠᠸᠣᠰ ᠬᠣᠲᠠᠨ᠎ᠠ ᠠᠭᠤᠯᠵᠠᠵᠤ᠂ ᠲᠣᠪᠴᠢ ᠶᠠᠷᠢᠯᠴᠠᠯ᠎ᠠ᠃
ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠢᠩ᠋ᠭᠠᠫᠦᠷ ᠤᠯᠤᠰ ᠲᠠᠢ 1970 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠪᠥᠭᠡᠳ ᠡᠨᠡ ᠵᠢᠯ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠲᠣᠬᠢᠶᠠᠵᠤ ᠪᠠᠢᠢᠭ᠎ᠠ ᠶᠤᠮ᠃ ᠲᠡᠦᠬᠡᠨ ᠣᠢ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠰᠢᠩ᠋ᠭᠠᠫᠦᠷ ᠤᠯᠤᠰ ᠤᠨ ᠶᠡᠷᠦᠩᠬᠡᠢ ᠰᠠᠢᠢᠳ ᠯᠢ ᠰᠶᠠᠨᠢ ᠯᠤᠩ ᠨᠠᠷ ᠬᠠᠷᠢᠯᠴᠠᠨ ᠪᠠᠶᠠᠷ ᠬᠦᠷᠭᠡᠵᠦ᠂ ᠣᠢ ᠢᠢᠨ ᠬᠦᠷᠢᠶᠡᠨ ᠳᠥ ᠰᠤᠶᠤᠯ ᠤᠨ ᠪᠣᠯᠤᠨ ᠪᠤᠰᠤᠳ ᠠᠷᠭ᠎ᠠ ᠬᠡᠮᠵᠢᠶ᠎ᠡ ᠵᠣᠬᠢᠶᠠᠨ ᠪᠠᠢᠢᠭᠤᠯᠵᠤ ᠲᠡᠮᠳᠡᠭᠯᠡᠨ ᠥᠩᠭᠡᠷᠡᠭᠦᠯᠬᠦ ᠪᠡᠷ ᠶᠠᠷᠢᠯᠴᠠᠪᠠ᠃ ᠲᠡᠭᠦᠨᠴᠢᠯᠡᠨ ᠵᠥᠪᠬᠡᠨ ᠪᠠᠶᠠᠷ ᠲᠡᠮᠳᠡᠭᠯᠡᠬᠦ ᠡᠴᠡ ᠢᠯᠡᠭᠦᠦ ᠲᠡᠢ ᠬᠤᠳᠠᠯᠳᠤᠭ᠎ᠠ᠂ ᠡᠳ᠋ ᠍ ᠦᠨ ᠵᠠᠰᠠᠭ᠂ ᠬᠦᠮᠦᠨᠯᠢᠭ ᠦᠨ ᠪᠣᠯᠤᠨ ᠪᠤᠰᠤᠳ ᠬᠠᠷᠢᠯᠴᠠᠭ᠎ᠠ ᠪᠠᠨ ᠱᠠᠳᠤ ᠠᠬᠢᠭᠤᠯᠬᠤ ᠡᠭᠦᠳᠡᠨ ᠡᠴᠡ ᠬᠠᠷᠢᠯᠴᠠᠨ ᠠᠢᠢᠯᠴᠢᠯᠠᠵᠤ᠂ ᠵᠠᠰᠠᠭ ᠤᠨ ᠭᠠᠵᠠᠷ ᠬᠣᠭᠣᠷᠣᠨᠳᠣ ᠢᠢᠨ ᠬᠠᠷᠢᠯᠴᠠᠭ᠎ᠠ ᠢᠢ ᠥᠷᠭᠡᠵᠢᠭᠦᠯᠬᠦ ᠠᠰᠠᠭᠤᠳᠠᠯ ᠢᠶᠠᠷ ᠰᠠᠨᠠᠯ ᠰᠤᠯᠢᠯᠴᠠᠪᠠ᠃