Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ《ᠣᠯᠪᠤᠷᠢᠯᠠᠬᠤ ᠦᠢᠯᠡᠳᠪᠦᠷᠢ ᠨᠦᠭᠦᠳ ᠦᠨ ᠢᠯᠡ ᠲᠣᠳᠤ ᠪᠠᠶᠢᠳᠠᠯ ᠤᠨ ᠰᠠᠨᠠᠭᠠᠴᠢᠯᠠᠭ᠎ᠠ》 ᠪᠠᠶᠢᠭᠤᠯᠤᠯᠭ᠎ᠠ ᠶᠢᠨ ᠲᠡᠷᠢᠭᠦᠨ ᠢ ᠬᠦᠯᠢᠶᠡᠨ ᠠᠪᠴᠤ ᠠᠭᠤᠯᠵᠠᠯ᠎ᠠ

ᠨᠣᠷᠸᠧᠭᠢ ᠢᠢᠨ ᠬᠠᠭᠠᠨᠲᠤ ᠤᠯᠤᠰ ᠲᠤ ᠠᠵᠢᠯ ᠤᠨ ᠠᠢᠢᠯᠴᠢᠯᠠᠯ ᠬᠢᠵᠦ ᠪᠠᠢᠢᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ 《ᠣᠯᠪᠤᠷᠢᠯᠠᠬᠤ ᠦᠢᠯᠡᠳᠪᠦᠷᠢ ᠨᠦᠭᠦᠳ ᠦᠨ ᠢᠯᠡ ᠲᠣᠳᠣ ᠪᠠᠢᠢᠳᠠᠯ ᠤᠨ ᠰᠠᠨᠠᠭᠠᠴᠢᠯᠠᠭ᠎ᠠ》 ᠪᠠᠢᠢᠭᠤᠯᠤᠯᠭ᠎ᠠ ᠢᠢᠨ ᠲᠡᠷᠢᠭᠦᠨ᠂ ᠬᠠᠲᠤᠭᠲᠠᠢ ᠬᠧᠯᠧᠨ ᠺᠯᠠᠷᠺ ᠢ ᠬᠦᠯᠢᠶᠡᠨ ᠠᠪᠴᠤ ᠠᠭᠤᠯᠵᠠᠪᠠ᠃

ᠬᠧᠯᠧᠨ ᠺᠯᠠᠷᠺ ᠨᠢ ᠰᠢᠨ᠎ᠡ ᠽᠧᠯᠠᠨ᠋ᠳ᠋ ᠤᠯᠤᠰ ᠤᠨ ᠫᠠᠷᠯᠠᠮᠧᠨ᠋ᠲ ᠤᠨ ᠭᠡᠰᠢᠭᠦᠨ ᠢᠶᠡᠷ 28 ᠵᠢᠯ᠂ ᠶᠡᠷᠦᠩᠬᠡᠢ ᠰᠠᠢᠢᠳ ᠢᠶᠠᠷ 9 ᠵᠢᠯ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠥᠭ᠍ᠵᠢᠯ ᠦᠨ ᠬᠥᠲᠥᠯᠪᠦᠷᠢ ᠢᠢᠨ ᠵᠠᠬᠢᠷᠤᠭᠴᠢ ᠪᠠᠷ 8 ᠵᠢᠯ ᠠᠵᠢᠯᠯᠠᠵᠤ ᠪᠠᠢᠢᠭᠠᠳ ᠡᠳᠦᠭᠡ ᠣᠯᠪᠤᠷᠢᠯᠠᠬᠤ ᠦᠢᠯᠡᠳᠪᠦᠷᠢ ᠨᠦᠭᠦᠳ ᠦᠨ ᠢᠯᠡ ᠲᠣᠳᠣ ᠪᠠᠢᠢᠳᠠᠯ ᠤᠨ ᠰᠠᠨᠠᠭᠠᠴᠢᠯᠠᠭ᠎ᠠ ᠪᠠᠢᠢᠭᠤᠯᠤᠯᠭ᠎ᠠ ᠢᠢᠨ ᠲᠡᠷᠢᠭᠦᠨ ᠢᠶᠡᠷ ᠠᠵᠢᠯᠯᠠᠵᠤ ᠪᠠᠢᠢᠨ᠎ᠠ᠃

ᠡᠨᠡ ᠪᠠᠢᠢᠭᠤᠯᠤᠯᠭ᠎ᠠ ᠨᠢ ᠠᠰᠢᠭᠲᠤ ᠮᠠᠯᠲᠠᠮᠠᠯ ᠤᠨ ᠨᠡᠭᠡᠭᠡᠯᠲᠡ ᠲᠡᠢ᠂ ᠬᠠᠷᠢᠭᠤᠴᠠᠯᠭ᠎ᠠ ᠲᠠᠢ ᠮᠧᠨᠧᠵᠮᠧᠨ᠋ᠲ ᠢ ᠳᠡᠮᠵᠢᠬᠦ ᠵᠠᠰᠠᠭ ᠤᠨ ᠭᠠᠵᠠᠷ ᠬᠣᠭᠣᠷᠣᠨᠳᠣ ᠢᠢᠨ ᠪᠠᠢᠢᠭᠤᠯᠤᠯᠭ᠎ᠠ ᠪᠥᠭᠡᠳ ᠠᠯᠢᠪᠠ ᠤᠯᠤᠰ ᠤᠨ ᠪᠠᠢᠢᠭᠠᠯᠢ ᠢᠢᠨ ᠪᠠᠶᠠᠯᠢᠭ ᠨᠢ ᠢᠷᠭᠡᠳ ᠦᠨ ᠢᠶᠡᠨ ᠥᠮᠴᠢ ᠪᠠᠢᠢᠬᠤ ᠶᠣᠰᠣᠲᠠᠢ ᠭᠡᠳᠡᠭ ᠦᠵᠡᠯ ᠰᠠᠨᠠᠭᠠᠨ ᠳᠤ ᠲᠤᠯᠭᠠᠭᠤᠷᠢᠯᠠᠨ ᠦᠢᠯᠡ ᠠᠵᠢᠯᠯᠠᠭ᠎ᠠ ᠶᠠᠪᠤᠭᠤᠯᠳᠠᠭ ᠶᠤᠮ᠃

ᠮᠣᠩ᠋ᠭᠣᠯ ᠤᠯᠤᠰ ᠡᠨᠡ ᠰᠠᠨᠠᠭᠠᠴᠢᠯᠠᠭ᠎ᠠ ᠳᠤ 2007 ᠣᠨ ᠳᠤ ᠨᠢᠭᠡᠳᠦᠭᠰᠡᠨ ᠪᠥᠭᠡᠳ ᠬᠠᠲᠤᠭᠲᠠᠢ ᠬᠧᠯᠧᠨ ᠺᠯᠠᠷᠺ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠡᠢ ᠠᠭᠤᠯᠵᠠᠬᠤ ᠦᠶ᠎ᠡ ᠪᠡᠷ ᠢᠶᠡᠨ 《ᠮᠣᠩ᠋ᠭᠣᠯ ᠤᠯᠤᠰ ᠡᠨᠡ ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠳᠠᠭ᠃ ᠣᠯᠪᠤᠷᠢᠯᠠᠬᠤ ᠰᠠᠯᠪᠤᠷᠢ ᠢᠢᠨ ᠢᠯᠡ ᠲᠣᠳᠣ ᠪᠠᠢᠢᠳᠠᠯ ᠢ ᠳᠡᠮᠵᠢᠬᠦ ᠲᠠᠯ᠎ᠠ ᠳᠡᠭᠡᠷ᠎ᠡ ᠰᠠᠨᠠᠭᠠᠴᠢᠯᠠᠭ᠎ᠠ ᠲᠠᠢ ᠠᠵᠢᠯᠯᠠᠳᠠᠭ》 ᠭᠡᠵᠦ ᠳ᠋ᠦᠩᠨᠡᠳᠡᠭ ᠢᠶᠡᠨ ᠬᠡᠯᠡᠭᠰᠡᠨ ᠶᠤᠮ᠃

ᠠᠭᠤᠯᠵᠠᠯᠲᠠ ᠢᠢᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠭᠤᠯᠠ᠂ ᠠᠭᠤᠷᠬᠠᠢ ᠢᠢᠨ ᠰᠠᠯᠪᠤᠷᠢ ᠢᠢᠨ ᠣᠷᠣᠯᠭ᠎ᠠ᠂ ᠡᠵᠡᠳ ᠢ ᠢᠯᠡ ᠲᠣᠳᠣ ᠪᠠᠢᠢᠯᠭᠠᠬᠤ᠂ ᠵᠠᠰᠠᠭ ᠤᠨ ᠭᠠᠵᠠᠷ ᠤᠨ ᠦᠢᠯᠡ ᠠᠵᠢᠯᠯᠠᠭᠠᠨ ᠳᠤ ᠬᠡᠷᠬᠢᠨ ᠵᠠᠷᠤᠴᠠᠭᠤᠯᠤᠭᠳᠠᠵᠤ ᠪᠠᠢᠢᠭ᠎ᠠ ᠢᠢ ᠬᠢᠨᠠᠬᠤ᠂ ᠶᠠᠮᠠᠷ ᠠᠰᠢᠭ ᠲᠤᠰᠠ ᠥᠭᠴᠦ ᠪᠠᠢᠢᠭ᠎ᠠ ᠢᠢ ᠢᠷᠭᠡᠳ ᠮᠠᠰᠢ ᠬᠢᠯᠪᠠᠷ ᠢᠶᠠᠷ ᠬᠢᠨᠠᠵᠤ ᠪᠣᠯᠳᠠᠭ ᠢᠯᠡ ᠲᠣᠳᠣ ᠪᠠᠢᠢᠳᠠᠯ ᠤᠨ ᠰᠠᠨᠠᠭᠠᠴᠢᠯᠠᠭ᠎ᠠ ᠢᠢ ᠪᠦᠷᠢᠨ ᠳᠡᠮᠵᠢᠵᠦ ᠪᠠᠢᠢᠭ᠎ᠠ ᠪᠠᠨ ᠢᠯᠡᠷᠬᠡᠢᠢᠯᠡᠭᠰᠡᠨ ᠶᠤᠮ᠃ ᠮᠥᠨ ᠪᠠᠶᠠᠯᠢᠭ ᠤᠨ ᠰᠠᠩ ᠲᠠᠢ ᠪᠣᠯᠬᠤ ᠳᠤ ᠢᠯᠡ ᠲᠣᠳᠣ ᠪᠠᠢᠢᠳᠠᠯ ᠬᠠᠮᠤᠭ ᠤᠨ ᠴᠢᠬᠤᠯᠠ ᠭᠡᠳ ᠣᠯᠠᠨ ᠵᠢᠯ ᠦᠨ ᠲᠤᠷᠰᠢᠯᠭ᠎ᠠ ᠲᠠᠢ ᠡᠨᠡ ᠪᠠᠢᠢᠭᠤᠯᠤᠯᠭ᠎ᠠ ᠢᠢᠨ ᠮᠡᠷᠭᠡᠵᠢᠯᠲᠡᠨ ᠨᠦᠭᠦᠳ ᠢ ᠮᠣᠩ᠋ᠭᠣᠯ ᠤᠯᠤᠰ ᠲᠤ ᠤᠷᠢᠵᠤ᠂ ᠬᠠᠮᠲᠤᠷᠠᠨ ᠠᠵᠢᠯᠯᠠᠬᠤ ᠢᠢ ᠬᠦᠰᠡᠯ᠎ᠡ᠃ ᠬᠠᠲᠤᠭᠲᠠᠢ ᠬᠧᠯᠧᠨ ᠺᠯᠠᠷᠺ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠯ ᠢ ᠬᠦᠯᠢᠶᠡᠨ ᠠᠪᠴᠤ᠂ ᠴᠠᠭ ᠵᠠᠪ ᠭᠠᠷᠭᠠᠨ ᠠᠭᠤᠯᠵᠠᠭᠰᠠᠨ ᠳᠤ ᠲᠠᠯᠠᠷᠬᠠᠯ ᠢᠯᠡᠷᠬᠡᠢᠢᠯᠡᠪᠡ᠃