Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠷᠸᠧᠭᠢ ᠢᠢᠨ ᠤᠭᠰᠠᠭ᠎ᠠ ᠵᠠᠯᠭᠠᠮᠵᠢᠯᠠᠬᠤ ᠬᠤᠩᠲᠠᠢᠢᠵᠢ ᠬᠠᠺᠣᠨ ᠲᠠᠢ ᠠᠭᠤᠯᠵᠠᠯ᠎ᠠ

ᠨᠣᠷᠸᠧᠭᠢ ᠢᠢᠨ ᠬᠠᠭᠠᠨᠲᠤ ᠤᠯᠤᠰ ᠲᠤ ᠠᠵᠢᠯ ᠤᠨ ᠠᠢᠢᠯᠴᠢᠯᠠᠯ ᠬᠢᠵᠦ ᠪᠠᠢᠢᠭ᠎ᠠ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ /2020.01.27/ ᠨᠣᠷᠸᠧᠭᠢ ᠢᠢᠨ ᠤᠭᠰᠠᠭ᠎ᠠ ᠵᠠᠯᠭᠠᠮᠵᠢᠯᠠᠬᠤ ᠬᠤᠩᠲᠠᠢᠢᠵᠢ ᠬᠠᠺᠣᠨ ᠲᠠᠢ ᠠᠭᠤᠯᠵᠠᠯ᠎ᠠ᠃

ᠤᠭᠰᠠᠭ᠎ᠠ ᠵᠠᠯᠭᠠᠮᠵᠢᠯᠠᠭᠴᠢ ᠬᠤᠩᠲᠠᠢᠢᠵᠢ ᠬᠠᠺᠣᠨ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠨᠣᠷᠸᠧᠭᠢ ᠢᠢᠨ ᠬᠠᠭᠠᠨᠲᠤ ᠤᠯᠤᠰ ᠲᠤ ᠲᠠᠪᠠᠲᠠᠢ ᠮᠣᠷᠢᠯᠠᠬᠤ ᠢᠢ ᠬᠦᠰᠡᠭᠡᠳ᠂ ᠡᠨᠡ ᠤᠳᠠᠭ᠎ᠠ ᠢᠢᠨ ᠠᠢᠢᠯᠴᠢᠯᠠᠯ ᠬᠣᠶᠠᠷ ᠤᠯᠤᠰ ᠤᠨ ᠬᠠᠷᠢᠯᠴᠠᠭ᠎ᠠ ᠢᠢ ᠥᠷᠭᠡᠵᠢᠭᠦᠯᠬᠦ ᠳᠥ ᠴᠢᠬᠤᠯᠠ ᠠᠯᠬᠤᠮ ᠪᠣᠯᠤᠨ᠎ᠠ ᠭᠡᠳᠡᠭ ᠲᠥ ᠢᠲᠡᠭᠡᠯ ᠲᠡᠢ ᠪᠤᠢ ᠢᠢ ᠪᠠᠨ ᠢᠯᠡᠷᠬᠡᠢᠢᠯᠡᠪᠡ᠃

ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠷᠸᠧᠭᠢ ᠤᠯᠤᠰ ᠤᠨ ᠪᠠᠶᠠᠯᠢᠭ ᠤᠨ ᠰᠠᠩ᠂ ᠬᠥᠳᠡᠭᠡ ᠠᠵᠤ ᠠᠬᠤᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠠᠰᠠᠭᠤᠳᠠᠯ ᠢ ᠡᠨᠡ ᠤᠳᠠᠭ᠎ᠠ ᠢᠢᠨ ᠠᠢᠢᠯᠴᠢᠯᠠᠯ ᠢᠶᠠᠷ ᠥᠷᠭᠡᠨ ᠬᠦᠷᠢᠶᠡᠨ ᠳᠥ ᠶᠠᠷᠢᠯᠴᠠᠬᠤ ᠪᠠᠷ ᠲᠥᠯᠥᠪᠯᠡᠭᠰᠡᠨ ᠪᠥᠭᠡᠳ ᠬᠤᠩᠲᠠᠢᠢᠵᠢ ᠬᠠᠺᠣᠨ ᠢ ᠠᠢᠢᠯᠴᠢᠯᠠᠯ ᠢᠶᠠᠷ ᠶᠠᠷᠢᠭᠰᠠᠨ ᠠᠰᠠᠭᠤᠳᠠᠯ ᠳᠤ ᠠᠩᠬᠠᠷᠤᠯ ᠬᠠᠨᠳᠤᠭᠤᠯᠵᠤ ᠥᠭ᠍ᠬᠦ ᠢᠢ ᠬᠦᠰᠡᠭᠰᠡᠨ ᠶᠤᠮ᠃

ᠮᠥᠨ ᠨᠢᠭᠡᠳᠦᠭᠰᠡᠨ ᠦᠨᠳᠦᠰᠦᠳᠡᠨ ᠦ ᠪᠠᠢᠢᠭᠤᠯᠤᠯᠭ᠎ᠠ ᠤᠨ 《ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ》 ᠍ ᠢ ᠳᠡᠮᠵᠢᠬᠦ ᠬᠦᠷᠢᠶᠡᠨ ᠳᠥ ᠡᠨᠡ ᠣᠨ ᠤ ᠶᠢᠰᠦᠳᠦᠭᠡᠷ ᠰᠠᠷ᠎ᠠ ᠳᠤ ᠮᠣᠩ᠋ᠭᠣᠯ  ᠤᠯᠤᠰ ᠲᠤ ᠨᠢᠭᠡᠳᠦᠭᠰᠡᠨ ᠦᠨᠳᠦᠰᠦᠳᠡᠨ ᠦ ᠪᠠᠢᠢᠭᠤᠯᠤᠯᠭ᠎ᠠ ᠢᠢᠨ ᠭᠡᠰᠢᠭᠦᠨ 195 ᠣᠷᠣᠨ ᠤ 18 ᠬᠦᠷᠲᠡᠯᠡᠬᠢ ᠨᠠᠰᠤᠨ ᠤ ᠵᠠᠯᠠᠭᠤᠴᠤᠳ ᠤᠨ ᠳᠤᠮᠳᠠ ᠰᠫᠣᠷᠲ ᠤᠨ 19 ᠲᠥᠷᠥᠯ ᠢᠶᠡᠷ 《ᠨᠣᠭᠣᠭᠠᠨ ᠨᠠᠭᠠᠳᠤᠮ》 ᠵᠣᠬᠢᠶᠠᠨ ᠪᠠᠢᠢᠭᠤᠯᠬᠤ ᠪᠠᠷ ᠲᠥᠯᠥᠪᠯᠡᠭᠰᠡᠨ ᠲᠤᠯᠠ ᠬᠤᠩᠲᠠᠢᠢᠵᠢ ᠬᠠᠺᠣᠨ ᠢ ᠮᠣᠩ᠋ᠭᠣᠯ  ᠤᠯᠤᠰ ᠲᠤ ᠮᠣᠷᠢᠯᠠᠨ ᠰᠠᠭᠠᠳᠠᠬᠤ ᠢᠢ ᠬᠦᠰᠡᠯ᠎ᠡ᠃