Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠨᠣᠷᠸᠧᠭᠢ ᠢᠢᠨ ᠫᠠᠷᠯᠠᠮᠧᠨ᠋ᠲ ᠤᠨ ᠶᠡᠷᠦᠩᠬᠡᠢᠢᠯᠡᠭᠴᠢ ᠬᠠᠲᠤᠭᠲᠠᠢ ᠲᠣᠨᠧ ᠦᠢᠬᠧᠯᠮᠰᠧᠨ ᠲᠷᠣᠧᠩ ᠨᠠᠷ ᠠᠭᠤᠯᠵᠠᠯ᠎ᠠ

ᠨᠣᠷᠸᠧᠭᠢ ᠢᠢᠨ  ᠬᠠᠭᠠᠨᠲᠤ ᠤᠯᠤᠰ ᠲᠤ ᠠᠢᠢᠯᠴᠢᠯᠠᠵᠤ ᠪᠤᠢ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠫᠠᠷᠯᠠᠮᠧᠨ᠋ᠲ ᠤᠨ ᠶᠡᠷᠦᠩᠬᠡᠢᠢᠯᠡᠭᠴᠢ ᠬᠠᠲᠤᠭᠲᠠᠢ ᠲᠣᠨᠧ ᠦᠢᠬᠧᠯᠮᠰᠧᠨ ᠲᠷᠣᠧᠩ  ᠲᠡᠢ ᠠᠭᠤᠯᠵᠠᠯ᠎ᠠ᠃

ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠫᠠᠷᠯᠠᠮᠧᠨ᠋ᠲ ᠤᠨ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠵᠤ᠂ ᠳᠤᠷᠠᠰᠬᠠᠯ ᠤᠨ ᠵᠢᠷᠤᠭ ᠲᠠᠲᠠᠭᠤᠯᠤᠭᠰᠠᠨ ᠤ ᠪᠠᠨ ᠳᠠᠷᠤᠭ᠎ᠠ ᠬᠠᠲᠤᠭᠲᠠᠢ  ᠲᠦ  ᠲᠡᠢ ᠠᠭᠤᠯᠵᠠᠵᠤ᠂ ᠠᠢᠢᠯᠴᠢᠯᠠᠯ ᠠᠮᠵᠢᠯᠲᠠ ᠲᠠᠢ ᠪᠣᠯᠤᠭᠰᠠᠨ ᠢ ᠲᠡᠮᠳᠡᠭᠯᠡᠭᠡᠳ᠂ ᠠᠢᠢᠯᠴᠢᠯᠠᠯ ᠢᠶᠠᠷ ᠶᠠᠷᠢᠭᠳᠠᠭᠰᠠᠨ ᠠᠰᠠᠭᠤᠳᠠᠯ ᠤᠳ ᠲᠤ ᠥᠨᠳᠥᠷ ᠬᠡᠮᠵᠢᠶᠡᠨ ᠳᠥ ᠠᠩ᠋ᠬᠠᠷᠤᠯ ᠬᠠᠨᠳᠤᠭᠤᠯᠵᠤ ᠥᠭ᠍ᠬᠦ ᠢᠢ ᠬᠦᠰᠡᠪᠡ᠃

ᠢᠯᠠᠩ᠋ᠭᠤᠶ᠎ᠠ᠂ ᠮᠣᠩ᠋ᠭᠣᠯ  ᠤᠯᠤᠰ ᠦᠨᠳᠦᠰᠦᠨ ᠬᠠᠤᠯᠢ ᠳᠠᠭᠠᠨ ᠪᠠᠶᠠᠯᠢᠭ ᠤᠨ ᠰᠠᠩ ᠲᠠᠢ ᠪᠠᠢᠢᠬᠤ᠂ ᠲᠡᠭᠦᠪᠡᠷ ᠢᠶᠡᠨ ᠳᠠᠮᠵᠢᠭᠤᠯᠤᠨ ᠪᠠᠢᠢᠭᠠᠯᠢ ᠢᠢᠨ ᠪᠠᠶᠠᠯᠢᠭ ᠢᠶᠠᠨ ᠢᠷᠭᠡᠨ ᠪᠦᠷᠢ ᠳᠥ ᠢᠵᠢᠯ ᠲᠡᠭᠰᠢ ᠬᠦᠷᠲᠡᠭᠡᠬᠦ ᠵᠢᠭᠠᠯᠲᠠ ᠣᠷᠣᠭᠤᠯᠤᠭᠰᠠᠨ ᠢᠶᠠᠨ ᠬᠡᠷᠡᠭᠵᠢᠭᠦᠯᠬᠦ ᠱᠠᠭᠠᠷᠳᠠᠯᠭ᠎ᠠ ᠲᠠᠢ ᠪᠥᠭᠡᠳ ᠡᠭᠦᠨ ᠦ ᠲᠤᠯᠠᠳᠠ ᠨᠣᠷᠸᠧᠭᠢ ᠤᠯᠤᠰ ᠤᠨ ᠪᠠᠶᠠᠯᠢᠭ ᠤᠨ ᠰᠠᠩ ᠤᠨ ᠵᠠᠭᠪᠤᠷ᠂ ᠮᠧᠨᠧᠵᠮᠧᠨ᠋ᠲ ᠡᠴᠡ ᠰᠤᠷᠤᠯᠴᠠᠵᠤ᠂ ᠬᠠᠮᠲᠤᠷᠠᠨ ᠠᠵᠢᠯᠯᠠᠬᠤ ᠰᠠᠨᠠᠯ ᠲᠠᠢ ᠪᠤᠢ ᠢᠢ ᠪᠠᠨ ᠪᠠᠲᠤᠳᠬᠠᠭᠰᠠᠨ ᠶᠤᠮ᠃ ᠬᠠᠲᠤᠭᠲᠠᠢ ᠲᠷᠣᠧᠩ ᠮᠥᠨ 《ᠨᠣᠷᠸᠧᠭᠢ ᠬᠦᠮᠦᠨ ᠪᠦᠷᠢ ᠪᠠᠶᠠᠯᠢᠭ ᠥᠪᠡᠷ ᠦᠨ ᠬᠢ ᠨᠢ ᠭᠡᠳᠡᠭ ᠲᠥ ᠢᠲᠡᠭᠡᠳᠡᠭ ᠨᠢ ᠨᠣᠷᠸᠧᠭᠢ ᠢᠢᠨ  ᠪᠠᠶᠠᠯᠢᠭ ᠤᠨ ᠰᠠᠩ ᠤᠨ ᠦᠢᠯᠡ ᠠᠵᠢᠯᠯᠠᠭ᠎ᠠ ᠲᠠᠢ ᠰᠠᠯᠤᠰᠢ ᠦᠭᠡᠢ ᠬᠣᠯᠪᠣᠭ᠎ᠠ ᠲᠠᠢ》 ᠲᠤᠯᠠ ᠡᠨᠡ ᠰᠠᠩ ᠢ ᠡᠭᠦᠰᠬᠡᠨ ᠪᠠᠢᠢᠭᠤᠯᠤᠭᠰᠠᠨ ᠪᠣᠯᠤᠭᠠᠳ ᠦᠢᠯᠡ ᠠᠵᠢᠯᠯᠠᠭ᠎ᠠ ᠢᠢ ᠨᠢ ᠣᠳᠤ ᠢᠢ ᠬᠦᠷᠲᠡᠯ᠎ᠡ ᠠᠮᠵᠢᠯᠲᠠᠲᠠᠢ ᠠᠪᠴᠤ ᠶᠠᠪᠤᠭ᠎ᠠ ᠮᠡᠳᠡᠯᠭᠡ᠂ ᠲᠤᠷᠰᠢᠯᠭ᠎ᠠ ᠠᠴᠠ ᠪᠠᠨ ᠬᠠᠷᠠᠮ ᠦᠭᠡᠢ ᠬᠤᠪᠴᠠᠭᠠᠯᠴᠠᠬᠤ ᠳᠤ ᠪᠡᠯᠡᠨ ᠪᠠᠢᠢᠭ᠎ᠠ ᠪᠠᠨ ᠢᠯᠡᠷᠬᠡᠢᠢᠯᠡᠭᠰᠡᠨ ᠶᠤᠮ᠃ ᠡᠨᠡ ᠬᠦᠷᠢᠶᠡᠨ ᠳᠥ ᠲᠠᠯ᠎ᠠ ᠨᠤᠭᠤᠳ ᠰᠠᠩ ᠤᠨ ᠦᠢᠯᠡ ᠠᠵᠢᠯᠯᠠᠭ᠎ᠠ ᠢᠢ ᠡᠬᠢᠯᠡᠭᠦᠯᠵᠦ᠂ ᠵᠠᠭᠪᠤᠷ ᠮᠧᠨᠧᠵᠧᠨ᠋ᠲ ᠢ ᠨᠢ ᠪᠣᠯᠪᠠᠰᠤᠷᠠᠭᠤᠯᠤᠭᠰᠠᠨ ᠮᠡᠷᠭᠡᠵᠢᠯᠲᠡᠨ ᠨᠦᠭᠦᠳ ᠢ ᠮᠣᠩ᠋ᠭᠣᠯ  ᠤᠯᠤᠰ ᠤᠷᠤᠭᠤ ᠢᠯᠡᠭᠡᠬᠦ᠂ ᠬᠠᠮᠲᠤᠷᠠᠨ ᠠᠵᠢᠯᠯᠠᠬᠤ ᠠᠰᠠᠭᠤᠳᠠᠯ ᠢᠶᠠᠷ ᠳᠡᠯᠭᠡᠷᠡᠭᠦᠯᠦᠨ ᠶᠠᠷᠢᠯᠠᠭᠰᠠᠨ ᠶᠤᠮ᠃

ᠮᠥᠨ ᠬᠥᠳᠡᠭᠡ᠂ ᠠᠵᠤ ᠠᠬᠤᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ᠂ ᠡᠪᠦᠯ ᠦᠨ ᠰᠫᠣᠷᠲ ᠢ ᠮᠣᠩ᠋ᠭᠣᠯ  ᠤᠯᠤᠰ ᠲᠤ ᠬᠥᠭ᠍ᠵᠢᠭᠦᠯᠬᠦ ᠵᠡᠷᠭᠡ ᠠᠰᠠᠭᠤᠳᠠᠯ ᠢᠶᠠᠷ ᠶᠠᠷᠢᠯᠴᠠᠵᠤ᠂ ᠰᠠᠯᠪᠤᠷᠢ ᠢᠢᠨ ᠪᠣᠯᠤᠨ ᠥᠨᠳᠥᠷ᠂ ᠳᠡᠭᠡᠳᠦ ᠬᠡᠮᠵᠢᠶᠡᠨ ᠳᠥ ᠪᠡᠨ ᠴᠢᠨᠠᠭᠰᠢᠳᠠ ᠶᠠᠮᠠᠷ ᠴᠢᠭ᠌ ᠲᠥ᠂ ᠬᠡᠷᠬᠢᠨ ᠬᠠᠮᠲᠤᠷᠠᠵᠤ ᠠᠵᠢᠯᠯᠠᠬᠤ ᠲᠠᠯ᠎ᠠ ᠪᠠᠷ ᠨᠢᠭᠡᠳᠦᠭᠰᠡᠨ ᠣᠢᠢᠯᠠᠭᠠᠯᠲᠠ ᠳᠤ ᠬᠦᠷᠦᠯ᠎ᠡ᠃