Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠴᠠᠢ ᠸᠢᠨ᠋ᠷᠤᠢ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠬᠦᠨ ᠪᠠᠷᠢᠯ᠎ᠠ

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠠᠴᠠ ᠮᠣᠩ᠋ᠭᠣᠯ  ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠴᠠᠢ ᠸᠢᠨ᠋ᠷᠤᠢ ᠥᠨᠥᠳᠥᠷ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃

ᠡᠯᠴᠢᠨ ᠰᠠᠢᠢᠳ ᠨᠣᠶᠠᠨ ᠴᠠᠢ ᠸᠢᠨ᠋ᠷᠤᠢ ᠢᠢ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠭᠰᠠᠨ ᠲᠠᠢ ᠨᠢ ᠬᠣᠯᠪᠣᠭᠳᠠᠭᠤᠯᠤᠨ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠭᠠᠳ᠂ ᠮᠣᠩ᠋ᠭᠣᠯ  ᠤᠯᠤᠰ ᠲᠤ ᠣᠯᠠᠨ ᠵᠢᠯ ᠳ᠋ᠢᠫᠯᠣᠮᠠᠲ ᠠᠯᠪᠠ ᠬᠠᠰᠢᠭᠰᠠᠨ᠂ ᠮᠣᠩ᠋ᠭᠣᠯ  ᠤᠯᠤᠰ ᠢ ᠰᠠᠢᠢᠨ ᠮᠡᠳᠡᠳᠡᠭ ᠡᠯᠴᠢᠨ ᠰᠠᠢᠢᠳ ᠲᠣᠮᠢᠯᠠᠭᠳᠠᠨ ᠢᠷᠡᠭᠰᠡᠨ ᠳᠥ ᠣᠯᠵᠠᠭᠤᠷᠬᠠᠵᠤ ᠪᠠᠢᠢᠭ᠎ᠠ ᠪᠠᠨ ᠢᠯᠡᠷᠬᠡᠢᠢᠯᠡᠵᠦ᠂ ᠪᠠᠶᠠᠷ ᠬᠦᠷᠭᠡᠯᠦᠭᠡ᠃

ᠡᠯᠴᠢᠨ ᠰᠠᠢᠢᠳ ᠴᠠᠢ ᠸᠢᠨ᠋ᠷᠤᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠦᠨ ᠬᠠᠯᠠᠭᠤᠨ ᠮᠡᠨᠳᠦᠴᠢᠯᠡᠭᠡ ᠢᠢ ᠤᠯᠠᠮᠵᠢᠯᠠᠭᠠᠳ᠂ ᠬᠣᠶᠠᠷ ᠤᠯᠤᠰ ᠤᠨ ᠢᠵᠢ ᠪᠥᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭᠠᠨ ᠳᠤ ᠲᠤᠯᠭᠠᠭᠤᠷᠢᠯᠠᠨ ᠬᠠᠷᠢᠯᠴᠠᠨ ᠬᠦᠷᠲᠡᠭᠡᠮᠵᠢ ᠲᠡᠢ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠢᠢᠨ ᠲᠥᠯᠦᠭᠡ ᠲᠤᠭᠤᠰᠢᠲᠠᠢ ᠠᠵᠢᠯᠯᠠᠬᠤ ᠪᠠᠨ ᠢᠯᠡᠷᠬᠡᠢᠢᠯᠡᠯ᠎ᠡ᠃

ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠣᠶᠠᠷ ᠤᠯᠤᠰ ᠤᠨ ᠨᠠᠢᠢᠷᠰᠠᠭ ᠬᠠᠮᠲᠤ ᠢᠢᠨ ᠠᠵᠢᠯᠯᠠᠭ᠎ᠠ ᠢᠢ ᠨᠡᠭᠡᠭᠡᠯᠲᠡᠲᠡᠢ᠂ ᠢᠯᠡᠨ ᠳᠠᠯᠠᠩᠬᠦᠢ ᠬᠡᠯᠪᠡᠷᠢ ᠪᠡᠷ ᠥᠷᠭᠡᠵᠢᠭᠦᠯᠦᠨ ᠬᠥᠭ᠍ᠵᠢᠭᠦᠯᠬᠦ ᠢᠢᠨ ᠠᠴᠢ ᠬᠣᠯᠪᠣᠭᠳᠠᠯ ᠢ ᠣᠨᠴᠠᠯᠠᠨ ᠲᠡᠮᠳᠡᠭᠯᠡᠭᠡᠳ᠂ ᠡᠯᠴᠢᠨ ᠰᠠᠢᠢᠳ ᠤᠨ ᠬᠤᠪᠢ ᠪᠠᠷ ᠣᠨᠴᠤᠭᠤᠢ ᠠᠩ᠋ᠬᠠᠷᠤᠯ ᠬᠠᠨᠳᠤᠭᠤᠯᠤᠨ ᠠᠵᠢᠯᠯᠠᠬᠤ ᠢᠢ ᠬᠦᠰᠡᠯ᠎ᠡ᠃

ᠠᠭᠤᠯᠵᠠᠯᠲᠠ ᠢᠢᠨ ᠦᠶ᠎ᠡ ᠪᠡᠷ ᠲᠠᠯ᠎ᠠ ᠨᠤᠭᠤᠳ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠬᠤᠪᠡᠢ ᠮᠤᠵᠢ ᠢᠢᠨ ᠤᠬᠤᠡᠨᠢ ᠬᠣᠲᠠ ᠳᠤ ᠭᠠᠷᠤᠭᠰᠠᠨ ᠰᠢᠨ᠎ᠡ ᠺᠣᠷᠤᠨᠠᠸᠢᠷᠦ᠋ᠰ (Covid-19) ᠍ ᠦᠨ ᠬᠠᠯᠳᠠᠪᠤᠷᠢ ᠢᠢᠨ ᠲᠠᠷᠬᠠᠯᠲᠠ᠂ ᠡᠪᠡᠳᠴᠢᠯᠡᠯ ᠲᠡᠢ ᠬᠣᠯᠪᠣᠭᠳᠠᠭᠤᠯᠤᠨ ᠰᠠᠨᠠᠯ ᠰᠣᠯᠢᠯᠴᠠᠯ᠎ᠠ᠃ ᠳᠡᠯᠡᠬᠡᠢ ᠨᠡᠢᠢᠲᠡ ᠢᠢᠨ ᠠᠩᠬᠠᠷᠤᠯ ᠤᠨ ᠲᠥᠪ ᠲᠥ ᠪᠤᠢ ᠰᠢᠨ᠎ᠡ ᠲᠥᠷᠦᠯ ᠦᠨ ᠺᠣᠷᠤᠨᠠᠸᠢᠷᠦ᠋ᠰ ᠦᠨ ᠬᠠᠯᠳᠠᠪᠤᠷᠢ ᠠᠴᠠ ᠤᠷᠢᠳᠴᠢᠯᠠᠨ ᠰᠡᠷᠭᠡᠢᠢᠯᠡᠬᠦ ᠴᠢᠭᠯᠡᠯ ᠢᠶᠡᠷ ᠮᠣᠩ᠋ᠭᠣᠯ  ᠤᠯᠤᠰ ᠰᠢᠢᠳᠪᠦᠷᠢᠲᠡᠢ ᠠᠷᠭ᠎ᠠ ᠬᠡᠮᠵᠢᠶ᠎ᠡ ᠠᠪᠴᠤ᠂ ᠬᠡᠷᠡᠭᠵᠢᠭᠦᠯᠵᠦ ᠪᠤᠢ ᠢᠢ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠨᠴᠠᠯᠠᠭᠠᠳ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠢᠢᠨ ᠠᠷᠠᠳ ᠲᠦᠮᠡᠨ ᠬᠠᠯᠳᠠᠪᠤᠷᠢ ᠢᠢᠨ ᠲᠠᠷᠬᠠᠯᠲᠠ ᠢᠢ ᠪᠠᠭᠤᠷᠠᠭᠤᠯᠵᠤ᠂ ᠳᠠᠪᠠᠨ ᠭᠠᠷᠤᠨ᠎ᠠ ᠭᠡᠳᠡᠭ ᠲᠥ ᠢᠲᠡᠭᠡᠵᠦ ᠪᠤᠢ ᠢᠢ ᠪᠠᠨ ᠢᠯᠡᠷᠬᠡᠢᠢᠯᠡᠪᠡ᠃