Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠯᠴᠢᠨ ᠰᠠᠢᠢᠳ ᠨᠠᠷ ᠢ ᠲᠣᠮᠢᠯᠠᠵᠤ᠂ ᠡᠭᠦᠷᠭᠡ ᠴᠢᠭᠯᠡᠯ ᠥᠭᠭᠦᠯ᠎ᠡ

ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ  ᠤᠯᠤᠰ ᠠᠴᠠ ᠪᠦᠭᠦᠳᠡ ᠨᠠᠢᠢᠷᠠᠮᠳᠠᠬᠤ ᠫᠣᠯᠢᠱ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠶᠠᠷ ᠪᠠᠷᠬᠠᠰ ᠤᠨ ᠳᠣᠷᠵᠢ᠂ ᠮᠣᠩ᠋ᠭᠣᠯ  ᠤᠯᠤᠰ ᠠᠴᠠ ᠱᠸᠧᠳ᠋ ᠦᠨ ᠬᠠᠭᠠᠨᠲᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠶᠠᠷ ᠲᠦᠪᠳᠡᠨᠳᠣᠷᠵᠢ ᠢᠢᠨ ᠵᠠᠨᠠᠪᠠᠽᠠᠷ ᠨᠠᠷ ᠢ ᠲᠣᠮᠢᠯᠠᠵᠤ᠂ ᠥᠨᠥᠳᠥᠷ ᠢᠲᠡᠭᠡᠮᠵᠢᠯᠡᠬᠦ ᠵᠢᠭᠤᠬᠤ ᠪᠢᠴᠢᠭ᠌ ᠢ ᠨᠢ ᠭᠠᠷᠳᠠᠭᠤᠯᠤᠯ᠎ᠠ᠃

ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠲᠡᠭᠡᠮᠵᠢᠯᠡᠬᠦ ᠵᠢᠭᠤᠬᠤ ᠪᠢᠴᠢᠭ᠌ ᠭᠠᠷᠳᠠᠭᠤᠯᠬᠤ ᠦᠶ᠎ᠡ ᠪᠡᠷ ᠢᠶᠡᠨ ᠡᠯᠴᠢᠨ ᠰᠠᠢᠢᠳ ᠨᠠᠷ ᠲᠤ ᠢᠷᠭᠡᠳ ᠦᠨ ᠢᠶᠡᠨ ᠡᠷᠬᠡ ᠠᠰᠢᠭ ᠢ ᠬᠠᠮᠠᠭᠠᠯᠠᠬᠤ ᠳᠤ ᠲᠥᠪᠯᠡᠷᠡᠵᠦ᠂ ᠰᠠᠭᠤᠭ᠎ᠠ ᠤᠯᠤᠰ ᠲᠠᠢ ᠪᠠᠨ ᠬᠠᠷᠢᠯᠴᠠᠨ ᠠᠰᠢᠭᠲᠠᠢ ᠪᠠᠷ ᠬᠠᠮᠲᠤ ᠢᠢᠨ ᠠᠵᠢᠯᠯᠠᠭ᠎ᠠ ᠢᠢ ᠪᠠᠨ ᠥᠷᠭᠡᠵᠢᠭᠦᠯᠬᠦ ᠳᠥ ᠠᠩ᠋ᠬᠠᠷᠴᠤ ᠠᠵᠢᠯᠯᠠᠬᠤ ᠢᠢ ᠬᠦᠰᠡᠭᠰᠡᠨ ᠶᠤᠮ᠃

ᠲᠤᠬᠠᠢᠢᠯᠠᠪᠠᠯ᠂ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠲᠠᠢ ᠫᠣᠯᠢᠱ ᠤᠯᠤᠰ ᠲᠤ ᠮᠠᠨ ᠤ ᠤᠯᠤᠰ ᠤᠨ 1000 ᠭᠠᠷᠤᠢ ᠢᠷᠭᠡᠨ ᠪᠠᠢᠢᠩ᠋ᠭᠤ ᠣᠷᠣᠰᠢᠨ ᠰᠠᠭᠤᠳᠠᠭ ᠪᠥᠭᠡᠳ ᠲᠡᠷᠡ ᠳᠤᠮᠳᠠ ᠪᠠᠨ ᠤᠯᠠᠮᠵᠢᠯᠠᠯᠲᠤ ᠠᠨᠠᠭᠠᠬᠤ ᠤᠬᠠᠭᠠᠨ ᠤ ᠰᠠᠯᠪᠤᠷᠢ ᠳᠤ ᠨᠢ ᠠᠵᠢᠯᠯᠠᠵᠤ ᠪᠠᠢᠢᠭ᠎ᠠ 200 ᠭᠠᠷᠤᠢ ᠮᠣᠩ᠋ᠭᠣᠯ  ᠡᠮᠴᠢ ᠨᠠᠷ ᠤᠨ ᠨᠡᠢᠢᠭᠡᠮ ᠤᠨ ᠬᠠᠮᠠᠭᠠᠯᠠᠯ᠂ ᠡᠮᠴᠢᠯᠡᠭᠡᠨ ᠦ ᠯᠢᠼᠧᠨ᠋ᠽ ᠦᠨ ᠠᠰᠠᠭᠤᠳᠠᠯ ᠳᠤ ᠠᠩ᠋ᠬᠠᠷᠴᠤ᠂ ᠬᠣᠶᠠᠷ ᠤᠯᠤᠰ ᠤᠨ ᠡᠷᠡᠭᠦᠯ ᠮᠡᠨᠳᠦ ᠢᠢᠨ ᠰᠠᠯᠪᠤᠷᠢ ᠢᠢᠨ ᠬᠠᠷᠢᠯᠴᠠᠭ᠎ᠠ ᠢᠢ ᠨᠡᠮᠡᠭᠳᠡᠭᠦᠯᠬᠦ ᠴᠢᠭᠯᠡᠯ ᠥᠭ᠍ᠪᠡ᠃

ᠥᠩᠭᠡᠷᠡᠭᠰᠡᠨ ᠰᠠᠷ᠎ᠠ ᠢᠢᠨ ᠰᠡᠭᠦᠯ ᠢᠢᠡᠷ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠷᠸᠧᠭᠢ ᠤᠯᠤᠰ ᠲᠤ ᠠᠢᠢᠯᠴᠢᠯᠠᠵᠤ᠂ ᠪᠠᠶᠠᠯᠢᠭ ᠤᠨ ᠰᠠᠩ ᠢ ᠡᠭᠦᠰᠬᠡᠨ ᠪᠠᠢᠢᠭᠤᠯᠬᠤ᠂ ᠬᠦᠨᠡᠰᠦ᠂ ᠬᠥᠳᠡᠭᠡ ᠠᠵᠤ ᠠᠬᠤᠢ ᠢᠢᠨ ᠰᠠᠯᠪᠤᠷᠢ ᠳᠤ ᠪᠣᠯᠤᠨ ᠡᠪᠦᠯ ᠦᠨ ᠰᠫᠣᠷᠲ ᠤᠨ ᠴᠢᠭᠯᠡᠯ ᠢᠶᠡᠷ ᠬᠠᠮᠲᠤᠷᠠᠨ ᠠᠵᠢᠯᠯᠠᠬᠤ ᠠᠰᠠᠭᠤᠳᠠᠯ ᠢᠶᠠᠷ ᠲᠤᠰ ᠤᠯᠤᠰ ᠤᠨ ᠡᠷᠬᠡ ᠪᠠᠷᠢᠭᠴᠢᠳ ᠲᠠᠢ ᠠᠭᠤᠯᠵᠠᠵᠤ᠂ ᠣᠢᠢᠯᠠᠭᠠᠯᠴᠠᠯ ᠳᠤ ᠬᠦᠷᠦᠭᠰᠡᠨ ᠢ ᠠᠵᠢᠯ ᠬᠡᠷᠡᠭ ᠪᠣᠯᠭᠠᠬᠤ ᠢᠢ ᠡᠯᠴᠢᠨ ᠰᠠᠢᠢᠳ ᠲ ∙ ᠵᠠᠨᠠᠪᠠᠽᠠᠷ ᠲᠤ ᠰᠠᠨᠠᠭᠤᠯᠵᠤ᠂ ᠦᠷ᠎ᠡ ᠳ᠋ᠦᠩ ᠭᠠᠷᠭᠠᠬᠤ ᠢᠢ ᠡᠭᠦᠷᠭᠡ᠂ ᠴᠢᠭᠯᠡᠯ ᠪᠣᠯᠭᠠᠯ᠎ᠠ᠃

ᠡᠭᠦᠨ ᠡᠴᠡ ᠭᠠᠳᠠᠨ᠎ᠠ ᠠᠶᠠᠯᠠᠯ ᠵᠢᠭᠤᠯᠴᠢᠯᠠᠯ᠂ ᠬᠥᠳᠡᠭᠡ ᠠᠵᠤ ᠠᠬᠤᠢ᠂ ᠮᠠᠯ ᠠᠵᠤ ᠠᠬᠤᠢ᠂ ᠡᠷᠴᠢᠮ ᠬᠦᠴᠦ ᠵᠡᠷᠭᠡ ᠰᠠᠯᠪᠤᠷᠢ ᠳᠤ ᠬᠢᠭ᠍ᠳᠡᠭᠰᠡᠨ ᠣᠯᠠᠨ ᠲᠥᠰᠥᠯ ᠦᠳ ᠢ ᠬᠡᠷᠡᠭᠵᠢᠭᠦᠯᠬᠦ ᠳᠥ ᠲᠧᠭᠨᠢᠭ ᠲᠧᠭᠨᠣᠯᠣᠭᠢ᠂ ᠨᠣᠤ ᠬᠠᠤ ᠬᠡᠷᠡᠭᠲᠡᠢ ᠪᠤᠢ ᠢᠢ ᠰᠠᠨᠠᠭᠤᠯᠵᠤ᠂ ᠰᠠᠭᠤᠭ᠎ᠠ ᠤᠯᠤᠰ ᠤᠨ ᠣᠨᠴᠠᠯᠢᠭ ᠲᠤ ᠲᠣᠬᠢᠷᠠᠭᠤᠯᠤᠨ ᠤᠯᠤᠰ ᠣᠷᠣᠨ ᠤ ᠪᠠᠨ ᠬᠥᠭ᠍ᠵᠢᠯ ᠳᠥ ᠬᠤᠪᠢ ᠨᠡᠮᠡᠷᠢ ᠤᠷᠤᠭᠤᠯᠬᠤ ᠬᠡᠷᠡᠭᠲᠡᠢ ᠭᠡᠳᠡᠭ ᠢᠶᠡᠨ ᠪᠠᠢᠢᠩ᠋ᠭᠤ ᠤᠬᠠᠮᠰᠠᠷᠯᠠᠬᠤ ᠶᠣᠰᠣᠲᠠᠢ ᠭᠡᠳ ᠡᠯᠴᠢᠨ ᠰᠠᠢᠢᠳ ᠨᠠᠷ ᠲᠤ ᠠᠵᠢᠯ ᠤᠨ ᠠᠮᠵᠢᠯᠲᠠ ᠬᠦᠰᠡᠯ᠎ᠡ᠃