Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ 《ᠮᠣᠩ᠋ᠭᠣᠯ ᠴᠡᠷᠢᠭ ᠦᠨ ᠡᠳᠦᠷ》 ᠍ ᠦᠨ ᠮᠡᠨᠳᠦᠴᠢᠯᠡᠭᠡ ᠳᠡᠪᠰᠢᠭᠦᠯᠦᠯ᠎ᠡ

ᠥᠨᠥᠳᠥᠷ ᠲᠣᠬᠢᠶᠠᠵᠤ ᠪᠤᠢ 《ᠮᠣᠩ᠋ᠭᠣᠯ ᠴᠡᠷᠢᠭ ᠦᠨ ᠡᠳᠦᠷ》᠂ ᠣᠷᠴᠢᠨ ᠴᠠᠭ ᠤᠨ ᠵᠡᠪᠰᠡᠭᠲᠦ ᠬᠦᠴᠦᠨ ᠦ 99 ᠵᠢᠯ ᠦᠨ ᠣᠢ ᠢᠢᠨ ᠪᠠᠶᠠᠷ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ  ᠬ ∙ ᠪᠠᠲᠤᠲᠤᠯᠭ᠎ᠠ ᠮᠡᠨᠳᠦᠴᠢᠯᠡᠭᠡ ᠳᠡᠪᠰᠢᠭᠦᠯᠦᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ  ᠢᠢᠨ ᠮᠡᠨᠳᠦᠴᠢᠯᠡᠭᠡᠨ ᠳᠦᠷ᠄

《ᠡᠷᠬᠢᠮ ᠴᠡᠷᠢᠭ ᠦᠨ ᠠᠯᠪᠠ ᠬᠠᠭᠠᠭᠴᠢᠳ᠂ ᠭᠧᠨᠧᠷᠠᠯ᠂ ᠣᠹᠢᠼᠧᠷ᠂ ᠭᠡᠷᠡᠳᠦ ᠪᠣᠯᠤᠨ ᠬᠤᠭᠤᠴᠠᠭᠠᠳᠤ ᠠᠯᠪᠠᠨ ᠤ ᠠᠵᠢᠯᠲᠠᠨ ᠠᠯᠪᠠᠨ ᠬᠠᠭᠠᠭᠴᠢᠳ᠂ ᠪᠡᠯᠡᠳᠬᠡᠯ ᠪᠣᠯᠤᠨ ᠴᠢᠯᠦᠭᠡᠨ ᠳᠥ ᠪᠠᠢᠢᠭ᠎ᠠ ᠠᠬᠠᠮᠠᠳ ᠳᠠᠢᠢᠴᠢᠳ᠂ ᠡᠩᠬᠡ ᠢᠢ ᠰᠠᠬᠢᠭᠤᠯᠤᠭᠴᠢᠳ ᠠ᠋᠂

ᠲᠠ ᠪᠦᠬᠦᠨ ᠳᠥ 《ᠮᠣᠩ᠋ᠭᠣᠯ ᠴᠡᠷᠢᠭ ᠦᠨ ᠡᠳᠦᠷ》 – ᠣᠷᠴᠢᠨ ᠴᠠᠭ ᠤᠨ ᠵᠡᠪᠰᠡᠭᠲᠦ ᠬᠦᠴᠦᠨ ᠡᠭᠦᠰᠴᠥ ᠬᠥᠭ᠍ᠵᠢᠭᠰᠡᠨ ᠦ 99 ᠵᠢᠯ ᠦᠨ ᠣᠢ ᠢᠢᠨ ᠪᠠᠶᠠᠷ ᠤᠨ ᠬᠠᠯᠠᠭᠤᠨ ᠮᠡᠨᠳᠦ ᠢᠢ ᠳᠡᠪᠰᠢᠭᠦᠯᠦᠶ᠎ᠡ!

ᠡᠬᠡ ᠣᠷᠣᠨ᠂ ᠠᠷᠠᠳ ᠲᠦᠮᠡᠨ ᠳᠥ ᠪᠡᠨ ᠡᠷᠭᠦᠭ᠍ᠰᠡᠨ ᠲᠠᠩ᠋ᠭᠠᠷᠢᠭ ᠢᠶᠠᠨ ᠦᠨᠡᠨᠴᠢ ᠪᠡᠷ ᠰᠠᠬᠢᠵᠤ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ᠂ ᠳᠠᠶᠠᠩ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠪᠠᠲᠤᠯᠠᠨ ᠬᠠᠮᠠᠭᠠᠯᠠᠬᠤ ᠦᠢᠯᠡᠰ ᠲᠥ ᠬᠢᠴᠢᠶᠡᠨ ᠵᠢᠳᠬᠦᠵᠦ ᠶᠠᠪᠤᠭ᠎ᠠ ᠲᠠ ᠪᠦᠬᠦᠨ ᠢᠶᠡᠷ ᠮᠣᠩ᠋ᠭᠣᠯᠴᠤᠳ᠂ ᠮᠣᠩ᠋ᠭᠣᠯ ᠤᠨ ᠲᠥᠷᠥ ᠦᠶ᠎ᠡ ᠢᠢᠨ ᠦᠶ᠎ᠡ ᠳᠥ ᠪᠠᠬᠠᠷᠬᠠᠵᠤ᠂ ᠠᠯᠳᠠᠷᠰᠢᠭᠤᠯᠵᠤ ᠢᠷᠡᠭᠰᠡᠨ ᠪᠢᠯᠡ᠃

ᠮᠣᠩ᠋ᠭᠣᠯ ᠤᠨ ᠲᠡᠦᠬᠡ ᠢᠢ ᠪᠦᠬᠦ ᠴᠠᠭ ᠦᠶ᠎ᠡ ᠳᠥ ᠮᠣᠩ᠋ᠭᠣᠯ ᠴᠡᠷᠢᠭ ᠪᠢᠴᠢᠯᠴᠡᠵᠦ ᠢᠷᠡᠭᠰᠡᠨ ᠶᠤᠮ᠃ ᠡᠩᠬᠡ ᠴᠠᠭ ᠲᠤ ᠪᠦᠲᠦᠭᠡᠨ ᠪᠠᠢᠢᠭᠤᠯᠤᠯᠲᠠ ᠢᠢᠨ ᠥᠷᠨᠢᠭᠦᠨ ᠬᠥᠳᠡᠯᠮᠦᠷᠢ ᠪᠡᠷ᠂ ᠪᠡᠷᠬᠡ ᠴᠠᠭ ᠲᠤ ᠬᠠᠯᠠᠭᠤᠨ ᠠᠮᠢ᠂ ᠪᠦᠯᠢᠶᠡᠨ ᠴᠢᠰᠤ ᠪᠠᠷ ᠢᠶᠠᠨ ᠲᠤᠰᠠᠭᠠᠷ ᠲᠣᠭᠲᠠᠨᠢᠯ᠂ ᠬᠥᠭ᠍ᠵᠢᠯ ᠳᠡᠪᠰᠢᠯ ᠢ ᠬᠠᠮᠠᠭᠠᠯᠠᠵᠤ᠂ ᠪᠦᠲᠦᠭᠡᠯᠴᠡᠵᠦ ᠢᠷᠡᠭᠰᠡᠨ ᠮᠣᠩ᠋ᠭᠣᠯ ᠴᠡᠷᠢᠭ᠂ ᠠᠯᠪᠠ ᠬᠠᠭᠠᠭᠴᠢᠳ ᠲᠠ ᠪᠦᠬᠦᠨ ᠳᠥ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ᠃

ᠮᠥᠩᠬᠡ ᠲᠩᠷᠢ ᠢᠢᠨ ᠬᠦᠴᠦᠨ ᠳᠦᠷ ᠮᠣᠩ᠋ᠭᠣᠯ ᠨᠤᠲᠤᠭ ᠲᠤ ᠡᠩᠬᠡ ᠠᠮᠤᠭᠤᠯᠠᠩ᠂ ᠬᠥᠭ᠍ᠵᠢᠯ ᠴᠡᠴᠡᠭᠯᠡᠯᠲᠡ᠂ ᠥᠰᠦᠯᠲᠡ ᠳᠡᠪᠰᠢᠯ ᠠᠰᠢᠳᠠ ᠤᠷᠤᠰᠢᠬᠤ ᠪᠣᠯᠲᠤᠭᠠᠢ!》 ᠭᠡᠵᠡᠢ᠃