Та "Internet explorer"-ийн сүүлийн хувилбар болох "Microsoft edge"-г ашиглана уу

Хэрэв "Microsoft edge"-г татах бол энд дарж татаж авна уу

ᠰᠢᠨ᠎ᠡ ᠪᠡᠷ ᠪᠠᠶᠢᠭᠤᠯᠤᠭᠳᠠᠬᠤ ᠵᠠᠰᠠᠭ ᠤᠨ ᠭᠠᠵᠠᠷ ᠤᠨ ᠪᠦᠷᠢᠯᠳᠦᠬᠦᠨ ᠢ ᠮᠣᠩ᠋ᠭᠣᠯ ᠤᠯᠤᠰ ᠤᠨ ᠶᠡᠷᠦᠩᠬᠡᠶᠢᠯᠡᠭᠴᠢ ᠳᠥ ᠲᠠᠨᠢᠯᠴᠠᠭᠤᠯᠤᠯ᠎ᠠ

ᠮᠣᠩ᠋ᠭᠣᠯ  ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ ᠰᠢᠨ᠎ᠡ ᠪᠡᠷ ᠪᠠᠢᠢᠭᠤᠯᠤᠭᠳᠠᠬᠤ ᠵᠠᠰᠠᠭ ᠤᠨ ᠭᠠᠵᠠᠷ ᠤᠨ ᠭᠡᠰᠢᠭᠦᠳ ᠢ ᠥᠨᠥᠳᠥᠷ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠲᠠᠨᠢᠯᠴᠠᠭᠤᠯᠪᠠ᠃

ᠡᠨᠡ ᠦᠶ᠎ᠡ ᠪᠡᠷ ᠮᠣᠩ᠋ᠭᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠤᠯᠤᠰ ᠤᠨ ᠶᠡᠬᠡ ᠬᠤᠷᠠᠯ ᠤᠨ 2020 ᠣᠨ ᠤ ᠡᠭᠡᠯᠵᠢᠲᠦ ᠰᠣᠩ᠋ᠭᠣᠭᠤᠯᠢ ᠪᠠᠷ ᠮᠣᠩ᠋ᠭᠣᠯ  ᠠᠷᠠᠳ ᠤᠨ ᠨᠠᠮ ᠤᠯᠤᠰ ᠤᠨ ᠶᠡᠬᠡ ᠬᠤᠷᠠᠯ ᠳᠤ ᠦᠨᠡᠮᠯᠡᠬᠦᠢ ᠣᠯᠠᠩᠬᠢ ᠪᠤᠶᠤ 62 ᠰᠠᠭᠤᠳᠠᠯ ᠠᠪᠤᠭᠰᠠᠨ᠃ ᠵᠠᠰᠠᠭ ᠤᠨ ᠭᠠᠵᠠᠷ ᠤᠨ ᠪᠦᠷᠢᠯᠳᠦᠬᠦᠨ ᠢ ᠲᠠᠨᠢᠯᠴᠠᠭᠤᠯᠬᠤ ᠲᠤᠬᠠᠢ ᠠᠯᠪᠠᠨ ᠪᠢᠴᠢᠭ ᠥᠴᠥᠭᠡᠳᠦᠷ ᠨᠠᠳᠠ ᠳᠤ ᠢᠷᠡᠭᠰᠡᠨ ᠪᠠᠢᠢᠨ᠎ᠠ᠃

ᠮᠢᠨᠦ ᠪᠡᠶ᠎ᠡ ᠵᠠᠰᠠᠭ ᠤᠨ ᠭᠠᠵᠠᠷ ᠤᠨ ᠭᠡᠰᠢᠭᠦᠳ ᠦᠨ ᠠᠨ᠋ᠺᠧᠲ᠂ ᠠᠵᠢᠯᠯᠠᠭᠰᠠᠨ ᠪᠠᠢᠢᠳᠠᠯ ᠲᠠᠢ ᠲᠠᠨᠢᠯᠴᠠᠯ᠎ᠠ᠃ ᠴᠢᠨᠠᠭᠰᠢᠳᠠ ᠵᠠᠰᠠᠭ ᠤᠨ ᠭᠠᠵᠠᠷ ᠲᠠᠢ ᠬᠠᠮᠲᠤᠷᠠᠨ ᠠᠵᠢᠯᠯᠠᠬᠤ ᠳᠤ ᠪᠠᠨ ᠰᠠᠢᠢᠳ ᠨᠠᠷ ᠲᠠᠢ ᠨᠢᠭᠤᠷ ᠲᠤᠯᠤᠨ ᠠᠭᠤᠯᠵᠠᠵᠤ᠂ ᠰᠠᠨᠠᠯ ᠪᠣᠳᠣᠯ ᠢᠶᠠᠨ ᠢᠯᠡᠷᠬᠡᠢᠢᠯᠡᠵᠦ ᠠᠵᠢᠯᠯᠠᠨ᠎ᠠ》 ᠭᠡᠳ ᠵᠠᠷᠢᠮ ᠰᠠᠢᠢᠳ ᠨᠠᠷ ᠠᠴᠠ ᠲᠤᠬᠠᠢᠢᠯᠠᠭᠰᠠᠨ ᠠᠰᠠᠭᠤᠯᠲᠠ ᠠᠰᠠᠭᠤᠵᠤ᠂ ᠶᠠᠷᠢᠯᠴᠠᠯ᠎ᠠ᠃