Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠨᠠᠴᠢᠨ᠂ ᠬᠠᠷᠴᠠᠭ᠎ᠠ᠂ ᠵᠠᠭᠠᠨ ᠴᠣᠯᠠᠨ ᠤ ᠪᠣᠯᠵᠣᠯ ᠬᠠᠩ᠋ᠭᠠᠭᠰᠠᠨ ᠪᠥᠬᠡᠴᠦᠳ ᠲᠥ ᠴᠣᠯᠠ ᠣᠯᠭᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠵᠠᠷᠯᠢᠭ ᠭᠠᠷᠭᠠᠵᠤ᠂ ᠲᠤᠯᠭᠤᠷ ᠲᠥᠷᠥ ᠢᠢᠨ 2229᠂ ᠶᠡᠬᠡ ᠮᠣᠩ᠋ᠭᠣᠯ ᠤᠯᠤᠰ ᠤᠨ 814᠂ ᠠᠷᠠᠳ ᠤᠨ ᠬᠤᠪᠢᠰᠬᠠᠯ ᠤᠨ 99 ᠵᠢᠯ ᠦᠨ ᠣᠢ ᠢᠢᠨ ᠦᠨᠳᠦᠰᠦᠨ ᠦ ᠶᠡᠬᠡ ᠪᠠᠶᠠᠷ ᠨᠠᠭᠠᠳᠤᠮ ᠤᠨ ᠬᠦᠴᠦᠲᠦ ᠪᠥᠬᠡ ᠢᠢᠨ ᠪᠠᠷᠢᠯᠳᠤᠭᠠᠨ ᠳᠤ ᠲᠠᠪᠤ ᠳᠠᠪᠠᠵᠤ 《ᠤᠯᠤᠰ ᠤᠨ ᠨᠠᠴᠢᠨ》 ᠴᠣᠯᠠ᠂ ᠵᠢᠷᠭᠤᠭ᠎ᠠ ᠳᠠᠪᠠᠵᠤ 《ᠤᠯᠤᠰ ᠤᠨ ᠬᠠᠷᠴᠠᠭ᠎ᠠ》 ᠴᠣᠯᠠ᠂ ᠳᠣᠯᠣᠭ᠎ᠠ ᠳᠠᠪᠠᠵᠤ 《ᠤᠯᠤᠰ ᠤᠨ ᠵᠠᠭᠠᠨ》 ᠴᠣᠯᠠᠨ ᠤ ᠪᠣᠯᠵᠣᠯ ᠬᠠᠩ᠋ᠭᠠᠭᠰᠠᠨ ᠪᠥᠬᠡᠴᠦᠳ ᠲᠥ ᠴᠣᠯᠠ ᠣᠯᠭᠤᠯ᠎ᠠ᠃

ᠶᠡᠷᠦᠩᠬᠡᠢᠢᠯᠡᠭᠴᠢ ᠢᠢᠨ ᠵᠠᠷᠯᠢᠭ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠥ᠊ ∙ ᠰᠢᠵᠢᠷ ᠤᠩᠰᠢᠵᠤ ᠰᠣᠨᠣᠷᠳᠠᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ ᠤᠨ ᠨᠠᠴᠢᠨ᠂ ᠬᠠᠷᠴᠠᠭ᠎ᠠ᠂ ᠵᠠᠭᠠᠨ ᠴᠣᠯᠠᠨ ᠤ ᠪᠠᠲᠤᠯᠠᠮᠵᠢ ᠢᠢ ᠭᠠᠷᠳᠠᠭᠤᠯᠵᠤ᠂ ᠡᠩᠭᠡᠷ ᠦᠨ ᠲᠡᠮᠳᠡᠭ ᠢ ᠨᠢ ᠵᠡᠭᠦᠵᠦ ᠥᠭ᠍ᠪᠡ᠃

ᠮᠣᠩ᠋ᠭᠣᠯ ᠤᠯᠤᠰ ᠤᠨ ᠨᠠᠴᠢᠨ ᠴᠣᠯᠠᠨ ᠤ ᠪᠣᠯᠵᠣᠯ ᠬᠠᠩ᠋ᠭᠠᠭᠰᠠᠨ ᠪᠥᠬᠡᠴᠦᠳ᠄

  1. ᠵᠠᠪᠬᠠᠨ ᠠᠢᠢᠮᠠᠭ ᠤᠨ ᠣᠳᠬᠠᠨ ᠰᠤᠮᠤ ᠢᠢᠨ ᠬᠠᠷᠢᠶᠠᠲᠤ᠂ 《ᠰᠦᠯᠳᠡ》 ᠰᠫᠣᠷᠲ ᠬᠣᠷᠢᠶ᠎ᠠ᠂ 《ᠳᠠᠶᠠᠩ》 ᠳᠡᠪᠵᠢᠶᠡᠨ ᠦ ᠪᠥᠬᠡ ᠲᠥᠷᠥᠮᠦ᠋ᠩᠬᠡ ᠢᠢᠨ ᠳᠦᠭᠡᠷᠳᠣᠷᠵᠢ
  2. ᠲᠥᠪ ᠠᠢᠢᠮᠠᠭ ᠤᠨ ᠥᠨᠳᠥᠷᠰᠢᠷᠡᠭᠡᠲᠦ ᠰᠤᠮᠤ ᠢᠢᠨ ᠬᠠᠷᠢᠶᠠᠲᠤ᠂ 《ᠰᠦᠯᠳᠡ》 ᠰᠫᠣᠷᠲ ᠬᠣᠷᠢᠶ᠎ᠠ᠂ 《ᠳᠦᠩᠵᠢᠨᠭᠠᠷᠪᠣ》 ᠳᠡᠪᠵᠢᠶᠡᠨ ᠦ ᠪᠥᠬᠡ ᠳᠣᠷᠵᠢᠬᠩᠳᠤ ᠢᠢᠨ ᠬᠥᠳᠡᠷᠪᠤᠯᠭ᠎ᠠ
  3. ᠵᠠᠪᠬᠠᠨ ᠠᠢᠢᠮᠠᠭ ᠤᠨ ᠪᠠᠶᠠᠨᠲᠡᠰᠦ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠳᠠᠶᠠᠩ》 ᠳᠡᠪᠵᠢᠶᠡᠨ ᠦ ᠪᠥᠬᠡ ᠰᠢᠷᠠᠬᠦ᠋ᠦ ᠢᠢᠨ ᠫᠦᠷᠪᠦᠭᠠᠷᠤᠳᠢ
  4. ᠪᠤᠯᠠᠭᠠᠨ ᠠᠢᠢᠮᠠᠭ ᠤᠨ ᠬᠤᠲᠤᠭ-ᠥᠨᠳᠥᠷ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠪᠤᠯᠠᠭᠠᠨ ᠬᠠᠩ᠋ᠭᠠᠢ》 ᠳᠡᠪᠵᠢᠶᠡᠨ ᠦ ᠪᠥᠬᠡ ᠬᠤᠲᠤᠭ ᠤᠨ ᠴᠣᠭᠲᠤᠭᠡᠷᠡᠯ
  5. ᠤᠪᠰᠤ ᠠᠢᠢᠮᠠᠭ ᠤᠨ ᠲᠡᠰᠦ ᠰᠤᠮᠤ ᠢᠢᠨ ᠬᠠᠷᠢᠶᠠᠲᠤ᠂ 《ᠰᠦᠯᠳᠡ》 ᠰᠫᠣᠷᠲ ᠬᠣᠷᠢᠶ᠎ᠠ᠂ 《ᠤᠪᠰᠤ ᠨᠠᠭᠤᠷ》 ᠳᠡᠪᠵᠢᠶᠡᠨ ᠦ ᠪᠥᠬᠡ ᠴᠡᠳᠡᠨᠳᠣᠷᠵᠢ ᠢᠢᠨ ᠮᠥᠩᠬᠡᠪᠠᠶᠠᠷ
  6. ᠪᠠᠶᠠᠨ-ᠥᠯᠥᠭᠡᠢ ᠠᠢᠢᠮᠠᠭ ᠤᠨ ᠳᠡᠯᠢᠭᠦᠨ ᠰᠤᠮᠤ ᠢᠢᠨ ᠬᠠᠷᠢᠶᠠᠲᠤ᠂ 《ᠥᠯᠥᠭᠡᠢ ᠢᠢᠨ ᠬᠦᠴᠦᠲᠡᠨ》 ᠳᠡᠪᠵᠢᠶᠡᠨ ᠦ ᠪᠥᠬᠡ ᠨᠤᠷᠯᠠᠨ ᠤ ᠮᠦᠰᠲ᠋ᠠᠹᠠ
  7. ᠠᠷᠤᠬᠠᠩᠭᠠᠢ ᠠᠢᠢᠮᠠᠭ ᠤᠨ ᠬᠠᠢᠢᠷᠬᠠᠨ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠪᠥᠬᠡ ᠪᠢᠯᠢᠭᠲᠦ》 ᠳᠡᠪᠵᠢᠶᠡᠨ ᠦ ᠪᠥᠬᠡ ᠣᠶᠤᠨᠪᠠᠭᠠᠲᠤᠷ ᠤᠨ ᠮᠥᠩᠬᠡ-ᠡᠷᠳᠡᠨᠢ

ᠮᠣᠩ᠋ᠭᠣᠯ ᠤᠯᠤᠰ ᠤᠨ ᠬᠠᠷᠴᠠᠭ᠎ᠠ ᠴᠣᠯᠠᠨ ᠤ ᠪᠣᠯᠵᠣᠯ ᠬᠠᠩ᠋ᠭᠠᠭᠰᠠᠨ ᠪᠥᠬᠡᠴᠦᠳ᠄

  1. ᠡᠮᠦᠨᠡᠭᠣᠪᠢ ᠠᠢᠢᠮᠠᠭ ᠤᠨ ᠬᠠᠨᠬᠣᠩ᠋ᠭᠣᠷ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠭᠣᠪᠢ ᠢᠢᠨ ᠬᠦᠴᠦᠲᠡᠨ》 ᠳᠡᠪᠵᠢᠶᠡᠨ ᠦ ᠪᠥᠬᠡ ᠴᠡᠳᠡᠨᠪᠠᠽᠠᠷ ᠤᠨ ᠣᠳᠤᠪᠠᠶᠠᠷ
  2. ᠪᠠᠶᠠᠨᠬᠣᠩ᠋ᠭᠣᠷ ᠠᠢᠢᠮᠠᠭ ᠤᠨ ᠪᠣᠭᠳᠠ ᠰᠤᠮᠤ ᠢᠢᠨ ᠬᠠᠷᠢᠶᠠᠲᠤ᠂ 《ᠬᠢᠯᠢᠴᠢᠨ》 ᠰᠫᠣᠷᠲ ᠬᠣᠷᠢᠶ᠎ᠠ᠂ 《ᠬᠣᠩ᠋ᠭᠣᠷ ᠨᠤᠲᠤᠭ》 ᠳᠡᠪᠵᠢᠶᠡᠨ ᠦ ᠪᠥᠬᠡ ᠪᠠᠲᠤᠰᠠᠭᠤᠷᠢ ᠢᠢᠨ ᠪᠠᠲᠤ-ᠣᠷᠣᠰᠢᠬᠤ
  3. ᠠᠷᠤᠬᠠᠩ᠋ᠭᠠᠢ ᠠᠢᠢᠮᠠᠭ ᠤᠨ ᠪᠠᠲᠤᠴᠡᠩᠭᠡᠯ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠪᠥᠬᠡ ᠪᠢᠯᠢᠭᠲᠦ》 ᠳᠡᠪᠵᠢᠶᠡᠨ ᠦ ᠪᠥᠬᠡ ᠪᠠᠲᠤᠰᠦ᠋ᠬᠡ ᠢᠢᠨ ᠵᠣᠷᠢᠭᠲᠤᠪᠠᠭᠠᠲᠤᠷ

ᠮᠣᠩ᠋ᠭᠣᠯ ᠤᠯᠤᠰ ᠤᠨ ᠵᠠᠭᠠᠨ ᠴᠣᠯᠠᠨ ᠤ ᠪᠣᠯᠵᠣᠯ ᠬᠠᠩ᠋ᠭᠠᠭᠰᠠᠨ ᠪᠥᠬᠡ᠄
᠋᠋᠋᠋ᠠᠷᠤᠬᠠᠩ᠋ᠭᠠᠢ ᠠᠢᠢᠮᠠᠭ ᠤᠨ ᠴᠡᠩᠬᠡᠷ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠪᠥᠬᠡ ᠪᠢᠯᠢᠭᠲᠦ》 ᠳᠡᠪᠵᠢᠶᠡᠨ ᠦ ᠪᠥᠬᠡ ᠮᠢᠭ᠌ᠮᠠᠷ ᠤᠨ ᠪᠠᠳᠢᠷᠴᠢ