Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢᠶᠠᠷ ᠫ ∙ ᠪᠦᠷᠢᠨᠲᠡᠬᠦᠰ ᠲᠦᠷ 《ᠤᠯᠤᠰ ᠤᠨ ᠠᠪᠤᠷᠭᠤ》 ᠴᠣᠯᠠ ᠣᠯᠭᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠵᠠᠷᠯᠢᠭ ᠭᠠᠷᠭᠠᠵᠤ᠂ ᠲᠤᠯᠭᠤᠷ ᠲᠥᠷᠥ ᠢᠢᠨ 2229᠂ ᠶᠡᠬᠡ ᠮᠣᠩ᠋ᠭᠣᠯ ᠤᠯᠤᠰ ᠤᠨ 814᠂ ᠠᠷᠠᠳ ᠤᠨ ᠬᠤᠪᠢᠰᠬᠠᠯ ᠤᠨ 99 ᠵᠢᠯ ᠦᠨ ᠣᠢ ᠢᠢᠨ ᠦᠨᠳᠦᠰᠦᠨ ᠦ ᠶᠡᠬᠡ ᠪᠠᠶᠠᠷ ᠨᠠᠭᠠᠳᠤᠮ ᠤᠨ ᠬᠦᠴᠦᠲᠦ ᠪᠥᠬᠡ ᠢᠢᠨ ᠪᠠᠷᠢᠯᠳᠤᠭᠠᠨ ᠳᠤ ᠶᠢᠰᠦ ᠳᠠᠪᠠᠨ ᠲᠦᠷᠦᠭᠦᠯᠡᠭᠰᠡᠨ ᠤᠪᠰᠤ ᠠᠢᠢᠮᠠᠭ ᠤᠨ ᠳᠠᠪᠤᠰᠤᠲᠤ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠤᠪᠰᠤ ᠨᠠᠭᠤᠷ》 ᠳᠡᠪᠵᠢᠶᠡᠨ ᠦ ᠪᠥᠬᠡ ᠫᠦᠷᠪᠦ ᠢᠢᠨ ᠪᠦᠷᠢᠨᠲᠡᠬᠦᠰ ᠲᠦᠷ《ᠤᠯᠤᠰ ᠤᠨ ᠠᠪᠤᠷᠭᠤ》 ᠴᠣᠯᠠ ᠣᠯᠭᠤᠯ᠎ᠠ᠃

《ᠤᠯᠤᠰ ᠤᠨ ᠠᠪᠤᠷᠭᠤ ᠴᠣᠯᠠ ᠣᠯᠭᠤᠬᠤ ᠲᠤᠬᠠᠢ》 ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠥ᠊ ∙ ᠰᠢᠵᠢᠷ ᠤᠩᠰᠢᠵᠤ ᠰᠣᠨᠣᠷᠳᠠᠭᠤᠯᠪᠠ᠃ ᠳᠠᠷᠠᠭ᠎ᠠ ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠤᠯᠤᠰ ᠤᠨ ᠠᠪᠤᠷᠭᠤ ᠴᠣᠯᠠᠨ ᠤ ᠪᠠᠲᠤᠯᠠᠮᠵᠢ ᠢᠢ ᠨᠢ ᠭᠠᠷᠳᠠᠭᠤᠯᠤᠨ ᠥᠭᠴᠦ᠂ ᠡᠩᠭᠡᠷ ᠦᠨ ᠲᠡᠮᠳᠡᠭ ᠢ ᠨᠢ ᠵᠡᠭᠦᠵᠦ᠂ ᠪᠠᠶᠠᠷ ᠬᠦᠷᠭᠡᠯ᠎ᠡ᠃

ᠮᠥᠨ ᠦᠨᠳᠦᠰᠦᠨ ᠦ ᠶᠡᠬᠡ ᠪᠠᠶᠠᠷ ᠨᠠᠭᠠᠳᠤᠮ ᠤᠨ ᠬᠦᠴᠦᠲᠦ ᠪᠥᠬᠡ ᠢᠢᠨ ᠪᠠᠷᠢᠯᠳᠤᠭᠠᠨ ᠳᠤ ᠦᠵᠦᠭᠦᠷᠯᠡᠭᠰᠡᠨ ᠤᠪᠰᠤ ᠠᠢᠢᠮᠠᠭ ᠤᠨ ᠬᠣᠪᠲᠣ ᠰᠤᠮᠤ ᠢᠢᠨ ᠬᠠᠷᠢᠶᠠᠲᠤ᠂ 《ᠤᠪᠰᠤ ᠨᠠᠭᠤᠷ》 ᠳᠡᠪᠵᠢᠶᠡᠨ ᠦ ᠪᠥᠬᠡ᠂ ᠮᠣᠩ᠋ᠭᠣᠯ ᠤᠯᠤᠰ ᠤᠨ ᠠᠪᠤᠷᠭᠤ ᠨᠠᠮᠰᠠᠷᠠᠢᠢᠵᠠᠪ ᠤᠨ ᠪᠠᠲᠤᠰᠠᠭᠤᠷᠢ ᠳᠤ ᠳᠤᠷᠠᠰᠬᠠᠯ ᠤᠨ ᠵᠦᠢᠯᠡᠰ ᠭᠠᠷᠳᠠᠭᠤᠯᠪᠠ᠃