Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠭᠠᠳᠠᠭᠠᠳᠤ ᠬᠡᠷᠡᠭ ᠦᠨ ᠰᠠᠶᠢᠳ ᠸᠠᠩ ᠢ‍ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ

ᠮᠣᠩ᠋ᠭᠣᠯ ᠤᠯᠤᠰ ᠲᠤ ᠠᠶᠢᠯᠴᠢᠯᠠᠵᠤ ᠪᠤᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠥᠷᠥ ᠶᠢᠨ ᠵᠥᠪᠯᠡᠯ ᠦᠨ ᠭᠡᠰᠢᠭᠦᠨ᠂ ᠭᠠᠳᠠᠭᠠᠳᠤ ᠬᠡᠷᠡᠭ ᠦᠨ ᠰᠠᠶᠢᠳ ᠸᠠᠩ ᠢ‍ ᠥᠨᠥᠳᠥᠷ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠳᠤ ᠪᠠᠷᠠᠭᠠᠯᠬᠠᠯ᠎ᠠ᠃

ᠺᠣᠷᠤᠨᠠᠸᠢᠷᠦ᠋ᠰᠲᠦ ᠴᠠᠷ ᠲᠠᠬᠤᠯ ᠤᠨ ᠤᠯᠠᠮ ᠠᠴᠠ ᠮᠣᠩ᠋ᠭᠣᠯ ᠤᠯᠤᠰ ᠲᠤ ᠣᠷᠣᠨ ᠳᠠᠶᠠᠭᠠᠷ 《ᠥᠨᠳᠦᠷᠵᠢᠭᠦᠯᠦᠭᠰᠡᠨ ᠪᠡᠯᠡᠨ ᠪᠠᠶᠢᠳᠠᠯ ᠤᠨ ᠵᠡᠷᠭᠡ》  ᠳᠦᠷ ᠰᠢᠯᠵᠢᠭᠦᠯᠦᠭᠰᠡᠨ ᠲᠡᠢ ᠬᠣᠯᠪᠣᠭᠳᠠᠭᠤᠯᠤᠨ ᠠᠭᠤᠯᠵᠠᠯᠲᠠ ᠶᠢᠨ ᠦᠶ᠎ᠡ ᠪᠡᠷ ᠬᠠᠯᠳᠠᠪᠤᠷᠢ ᠬᠠᠮᠠᠭᠠᠯᠠᠯ ᠤᠨ ᠲᠤᠰᠬᠠᠢ ᠳᠢᠭᠯᠢᠮ ᠢ ᠥᠨᠳᠦᠷ ᠲᠦᠪᠰᠢᠨ ᠳᠥ ᠰᠠᠬᠢᠵᠤ᠂ ᠵᠣᠬᠢᠶᠠᠨ ᠪᠠᠶᠢᠭᠤᠯᠵᠤ ᠪᠠᠶᠢᠨ᠎ᠠ᠃ ᠲᠣᠳᠣᠷᠠᠭᠤᠯᠪᠠᠯ᠂ ᠲᠠᠯ᠎ᠠ ᠨᠤᠭᠤᠳ ᠤᠨ ᠠᠯᠪᠠᠨ ᠶᠣᠰᠣᠨ ᠤ ᠲᠥᠯᠦᠭᠡᠯᠡᠭᠴᠢᠳ ᠭᠤᠷᠪᠠᠨ ᠮᠧᠲ᠋ᠷ ᠦᠨ ᠵᠠᠢ ᠪᠦᠬᠦᠢ ᠠᠶᠤᠯ ᠦᠭᠡᠢ ᠪᠦᠰᠡ ᠳᠥ ᠪᠠᠶᠢᠷᠢ ᠪᠠᠨ ᠡᠵᠡᠯᠡᠭᠰᠡᠨ ᠢᠶᠡᠷ ᠠᠭᠤᠯᠵᠠᠯᠲᠠ ᠡᠬᠢᠯᠡᠯ᠎ᠡ᠃

ᠠᠭᠤᠯᠵᠠᠯᠲᠠ ᠶᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠳᠡᠯᠡᠬᠡᠢ ᠳᠠᠬᠢᠨ ᠲᠠᠷᠬᠠᠭᠰᠠᠨ ᠴᠠᠷ ᠲᠠᠬᠤᠯ ᠤᠨ ᠦᠶ᠎ᠡ ᠳᠥ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠥᠷᠥ ᠶᠢᠨ ᠵᠥᠪᠯᠡᠯ ᠦᠨ ᠭᠡᠰᠢᠭᠦᠨ᠂ ᠭᠠᠳᠠᠭᠠᠳᠤ ᠬᠡᠷᠡᠭ ᠦᠨ ᠰᠠᠶᠢᠳ ᠤᠨ ᠮᠣᠩ᠋ᠭᠣᠯ ᠤᠯᠤᠰ ᠲᠤ ᠬᠢᠵᠦ ᠪᠤᠢ ᠠᠶᠢᠯᠴᠢᠯᠠᠯ ᠨᠢ ᠬᠣᠶᠠᠷ ᠤᠯᠤᠰ ᠤᠨ ᠬᠣᠭᠣᠷᠣᠨᠳᠣ ᠥᠨᠳᠥᠷ ᠲᠦᠪᠰᠢᠨ ᠦ ᠠᠶᠢᠯᠴᠢᠯᠠᠯ ᠤᠨ ᠳᠠᠪᠲᠠᠮᠵᠢ ᠶᠢ ᠬᠠᠳᠠᠭᠠᠯᠠᠵᠤ᠂ ᠮᠣᠩ᠋ᠭᠣᠯ ᠤᠯᠤᠰ-ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠢᠵᠢ ᠪᠦᠷᠢᠨ ᠰᠲ᠋ᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠪᠠᠲᠤᠳᠬᠠᠭᠰᠠᠨ ᠦᠢᠯᠡ ᠶᠠᠪᠤᠳᠠᠯ ᠪᠣᠯᠵᠤ ᠪᠠᠶᠢᠨ᠎ᠠ ᠭᠡᠳ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠳᠦᠷ ᠳᠡᠪᠰᠢᠭᠦᠯᠦᠭᠰᠡᠨ ᠮᠡᠨᠳᠦᠴᠢᠯᠡᠭᠡ ᠶᠢ ᠨᠢ ᠤᠯᠠᠮᠵᠢᠯᠠᠵᠤ ᠥᠭ᠍ᠬᠦ ᠶᠢ ᠬᠦᠰᠡᠪᠡ᠃

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ 2020 ᠣᠨ ᠤ ᠬᠣᠶᠠᠳᠤᠭᠠᠷ ᠰᠠᠷ᠎ᠠ ᠶᠢᠨ 27 ᠍ ᠤ ᠡᠳᠦᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠳᠥ ᠠᠶᠢᠯᠴᠢᠯᠠᠵᠤ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ᠂ ᠲᠥᠷᠥ ᠶᠢᠨ ᠵᠥᠪᠯᠡᠯ ᠦᠨ ᠶᠡᠷᠦᠩᠬᠡᠢ ᠰᠠᠶᠢᠳ ᠯᠢ ᠺᠥᠴᠢᠶᠠᠨ ᠨᠠᠷ ᠲᠠᠢ ᠠᠭᠤᠯᠵᠠᠭᠰᠠᠨ ᠪᠢᠯᠡ᠃ ᠠᠶᠢᠯᠴᠢᠯᠠᠯ ᠤᠨ ᠬᠦᠷᠢᠶᠡᠨ ᠳᠥ ᠬᠦᠨᠳᠦ ᠬᠡᠴᠡᠭᠦᠦ ᠦᠶ᠎ᠡ ᠶᠢ ᠲᠤᠭᠤᠯᠵᠤ ᠪᠤᠢ ᠬᠢᠲᠠᠳ ᠤᠨ ᠠᠷᠠᠳ ᠲᠦᠮᠡᠨ ᠳᠥ ᠮᠣᠩ᠋ᠭᠣᠯ ᠤᠨ ᠠᠷᠠᠳ ᠲᠦᠮᠡᠨ ᠦ ᠰᠡᠳᠬᠢᠯ ᠦᠨ ᠢᠯᠡᠷᠬᠡᠶᠢᠯᠡᠯ ᠪᠣᠯᠭᠠᠨ 30 ᠮᠢᠩ᠋ᠭᠠᠨ ᠲᠣᠯᠣᠭᠠᠢ ᠬᠣᠨᠢ ᠬᠠᠨᠳᠢᠪᠯᠠᠵᠤ ᠪᠠᠶᠢᠭ᠎ᠠ ᠶᠢ ᠮᠡᠳᠡᠭᠳᠡᠭᠰᠡᠨ ᠶᠤᠮ᠃ ᠤᠯᠠᠮ ᠢᠶᠠᠷ ᠬᠠᠨᠳᠢᠪ ᠤᠨ 30 ᠮᠢᠩ᠋ᠭᠠᠨ ᠲᠣᠯᠣᠭᠠᠢ ᠬᠣᠨᠢ ᠢᠢ ᠬᠢᠲᠠᠳ ᠤᠨ ᠲᠠᠯ᠎ᠠ ᠳᠤ ᠬᠦᠯᠢᠶᠡᠯᠭᠡᠨ ᠥᠭ᠍ᠬᠦ ᠪᠡᠯᠡᠳᠬᠡᠯ ᠠᠵᠢᠯ ᠢᠳᠡ ᠶᠠᠪᠤᠭᠳᠠᠵᠤ ᠪᠠᠶᠢᠨ᠎ᠠ᠃

ᠠᠭᠤᠯᠵᠠᠯᠲᠠ ᠶᠢᠨ ᠦᠶ᠎ᠡ ᠪᠡᠷ ᠲᠠᠯ᠎ᠠ ᠨᠤᠭᠤᠳ ᠬᠣᠶᠠᠷ ᠲᠠᠯ᠎ᠠ ᠶᠢᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠤᠯᠠᠮ ᠪᠠᠶᠠᠵᠢᠭᠤᠯᠵᠤ᠂ ᠬᠣᠶᠠᠷ ᠤᠯᠤᠰ ᠤᠨ ᠬᠤᠳᠠᠯᠳᠤᠭᠠᠨ ᠤ ᠬᠡᠮᠵᠢᠶ᠎ᠡ ᠶᠢ 10 ᠲᠡᠷᠪᠤᠮ ᠠᠮ‍.ᠳ᠋ᠣᠯᠯᠠᠷ ᠲᠤ ᠬᠦᠷᠭᠡᠬᠦ᠂ ᠴᠢᠨᠠᠭᠰᠢᠳᠠ ᠤᠯᠠᠮ ᠨᠡᠮᠡᠭᠳᠡᠭᠦᠯᠬᠦ ᠵᠣᠷᠢᠯᠲᠠ ᠶᠢ ᠬᠡᠷᠡᠭᠵᠢᠭᠦᠯᠬᠦ ᠴᠢᠭᠯᠡᠯ ᠳᠥ ᠢᠳᠡᠪᠬᠢ᠂ ᠰᠠᠨᠠᠭᠠᠴᠢᠯᠭ᠎ᠠ ᠲᠠᠢ ᠠᠵᠢᠯᠯᠠᠬᠤ᠂ ᠢᠩᠭᠢᠬᠦ ᠳᠥ ᠪᠡᠨ ᠨᠡᠮᠡᠭᠦᠦ ᠦᠨ᠎ᠡ ᠴᠡᠨ᠎ᠡ ᠰᠢᠩᠭᠡᠭᠡᠭ᠍ᠰᠡᠨ ᠪᠦᠲᠦᠭᠡᠭ᠍ᠳᠡᠬᠦᠨ ᠦ ᠬᠤᠳᠠᠯᠳᠤᠭ᠎ᠠ ᠶᠢ ᠥᠷᠭᠡᠵᠢᠭᠦᠯᠦᠨ ᠬᠥᠭ᠍ᠵᠢᠭᠦᠯᠬᠦ ᠪᠣᠯᠤᠮᠵᠢ ᠨᠤᠭᠤᠳ ᠤᠨ ᠲᠠᠯ᠎ᠠ ᠪᠠᠷ ᠰᠠᠨᠠᠯ ᠰᠣᠯᠢᠯᠴᠠᠯ᠎ᠠ᠃

ᠲᠤᠬᠠᠶᠢᠯᠠᠪᠠᠯ᠂ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠳᠡᠳ᠋ ᠪᠦᠲᠦᠴᠡ᠂ ᠬᠥᠳᠡᠭᠡ ᠠᠵᠤ ᠠᠬᠤᠢ ᠶᠢᠨ ᠰᠠᠯᠪᠤᠷᠢ ᠳᠤ ᠲᠦᠯᠬᠢᠭᠦᠦ ᠬᠥᠭ᠍ᠵᠢᠭᠦᠯᠬᠦ ᠨᠥᠭᠡᠴᠡ ᠪᠣᠯᠤᠯᠴᠠᠭ᠎ᠠ ᠬᠠᠩ᠋ᠭᠠᠯᠲᠠᠲᠠᠢ ᠪᠠᠶᠢᠭ᠎ᠠ ᠶᠢ ᠣᠨᠴᠠᠯᠠᠵᠤ᠂ ᠮᠣᠩ᠋ᠭᠣᠯ ᠤᠨ ᠴᠡᠪᠡᠷ ᠬᠥᠷᠦᠰᠦ᠂ ᠤᠰᠤ᠂ ᠠᠭᠠᠷ ᠲᠤ ᠪᠣᠯᠪᠠᠰᠤᠷᠠᠭᠰᠠᠨ 《ᠡᠺᠣ》 ᠬᠦᠨᠡᠰᠦ ᠶᠢ ᠡᠺᠰᠫᠣᠷᠲ᠋ᠯᠠᠬᠤ ᠰᠣᠨᠢᠷᠬᠠᠯ ᠲᠠᠢ ᠪᠠᠶᠢᠭ᠎ᠠ ᠪᠠᠨ ᠢᠯᠡᠷᠬᠡᠶᠢᠯᠡᠯ᠎ᠡ᠃

ᠮᠥᠨ ᠬᠣᠶᠠᠷ ᠣᠷᠣᠨ ᠤ ᠬᠦᠮᠦᠨᠯᠢᠭ ᠦᠨ ᠬᠠᠷᠢᠯᠴᠠᠭᠠᠨ ᠤ ᠵᠠᠷᠢᠮ ᠠᠰᠠᠭᠤᠳᠠᠯ ᠢᠶᠠᠷ ᠰᠠᠨᠠᠯ ᠰᠣᠯᠢᠯᠴᠠᠵᠤ᠂ ᠬᠠᠷᠢᠯᠴᠠᠨ ᠪᠡᠶ᠎ᠡ ᠪᠡᠶ᠎ᠡ ᠪᠡᠨ ᠬᠦᠨᠳᠦᠳᠭᠡᠬᠦ ᠵᠠᠷᠴᠢᠮ ᠢ ᠪᠠᠷᠢᠮᠲᠠᠯᠠᠬᠤ ᠨᠢ ᠴᠢᠬᠤᠯᠠ ᠪᠣᠯᠬᠤ ᠶᠢ ᠲᠡᠮᠳᠡᠭᠯᠡᠪᠡ᠃

ᠠᠭᠤᠯᠵᠠᠯᠲᠠ ᠶᠢᠨ ᠲᠡᠭᠦᠰᠬᠡᠯ ᠳᠥ ᠲᠠᠯ᠎ᠠ ᠨᠤᠭᠤᠳ ᠮᠣᠩ᠋ᠭᠣᠯ ᠤᠯᠤᠰ-ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠢᠵᠢ ᠪᠦᠷᠢᠨ ᠰᠲ᠋ᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠰᠢᠨ᠎ᠡ ᠠᠭᠤᠯᠭ᠎ᠠ ᠪᠠᠷ ᠬᠥᠭ᠍ᠵᠢᠭᠦᠯᠬᠦ ᠳᠥ ᠪᠡᠯᠡᠨ ᠪᠠᠶᠢᠭ᠎ᠠ ᠪᠠᠨ ᠬᠠᠷᠢᠯᠴᠠᠨ ᠢᠯᠡᠷᠬᠡᠶᠢᠯᠡᠵᠦ᠂ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠨᠣᠶᠠᠨ ᠸᠠᠩ ᠢ‍ ᠢᠢ ᠦᠨ ᠮᠣᠩ᠋ᠭᠣᠯ ᠤᠯᠤᠰ ᠲᠤ ᠬᠢᠵᠦ ᠪᠤᠢ ᠠᠶᠢᠯᠴᠢᠯᠠᠯ ᠳᠤ ᠠᠮᠵᠢᠯᠲᠠ ᠬᠦᠰᠡᠯ᠎ᠡ᠃