Та "Internet explorer"-ийн сүүлийн хувилбар болох "Microsoft edge"-г ашиглана уу

Хэрэв "Microsoft edge"-г татах бол энд дарж татаж авна уу

ᠠᠮᠧᠷᠢᠺᠠ ᠶᠢᠨ ᠨᠢᠭᠡᠳᠦᠭᠰᠡᠨ ᠤᠯᠤᠰ ᠤᠨ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠮᠠᠶᠢᠺᠯ ᠫᠣᠮᠫᠧᠣ‍ ‍ ᠤᠲᠠᠰᠤ ᠪᠠᠷ ᠶᠠᠷᠢᠵᠤ᠂ ᠮᠣᠩ᠋ᠭᠣᠯ ᠤᠯᠤᠰ ᠲᠤ ᠬᠢᠬᠦ ᠠᠶᠢᠯᠴᠢᠯᠠᠯ᠎ ᠢᠢᠠᠨ ᠬᠤᠶᠢᠰᠢᠯᠠᠭᠤᠯᠬᠤ ᠪᠣᠯᠤᠭᠰᠠᠨ ᠳᠤ ᠪᠠᠨ ᠬᠦᠯᠢᠴᠡᠯ ᠥᠴᠢᠯ᠎ᠡ

ᠠᠮᠧᠷᠢᠺᠠ ᠢᠢᠨ ᠨᠢᠭᠡᠳᠦᠭᠰᠡᠨ ᠤᠯᠤᠰ ᠤᠨ ᠲᠥᠷᠥ ᠢᠢᠨ ᠨᠠᠷᠢᠨ ᠪᠢᠴᠢᠭ᠌ ᠦᠨ ᠳᠠᠷᠤᠭ᠎ᠠ ᠮᠠᠢᠢᠺᠯ ᠫᠣᠮᠫᠧᠣ‍ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠲᠠᠢ ᠤᠲᠠᠰᠤ ᠪᠠᠷ ᠶᠠᠷᠢᠵᠤ᠂ ᠮᠣᠩ᠋ᠭᠣᠯ ᠤᠯᠤᠰ ᠲᠤ ᠬᠢᠬᠦ ᠠᠢᠢᠯᠴᠢᠯᠠᠯ᠎ ᠢᠢᠠᠨ ᠬᠤᠢᠢᠰᠢᠯᠠᠭᠤᠯᠬᠤ ᠪᠣᠯᠤᠭᠰᠠᠨ ᠳᠤ ᠪᠠᠨ ᠬᠦᠯᠢᠴᠡᠯ ᠥᠴᠢᠯ᠎ᠡ᠃

ᠶᠠᠷᠢᠶᠠᠨ ᠤ ᠡᠬᠢᠨ ᠳᠥ ᠨᠣᠶᠠᠨ ᠫᠣᠮᠫᠧᠣ‍ ᠮᠣᠩ᠋ᠭᠣᠯ ᠤᠯᠤᠰ ᠲᠤ ᠬᠢᠬᠦ ᠪᠡᠷ ᠲᠥᠯᠦᠪᠯᠡᠵᠦ ᠪᠠᠢᠢᠭᠰᠠᠨ ᠠᠢᠢᠯᠴᠢᠯᠠᠯ᠎ ᠢᠢᠠᠨ ᠬᠣᠢᠢᠰᠢᠯᠠᠭᠤᠯᠬᠤ ᠪᠣᠯᠤᠭᠰᠠᠨ ᠳᠤ ᠪᠠᠨ ᠬᠠᠷᠠᠮᠰᠠᠵᠤ ᠪᠤᠢ ᠢᠢ ᠪᠠᠨ ᠢᠯᠡᠷᠬᠡᠢᠢᠯᠡᠪᠡ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠨᠣᠶᠠᠨ ᠫᠣᠮᠫᠧᠣ‍  ᠢᠢᠨ ᠠᠢᠢᠯᠴᠢᠯᠠᠯ ᠣᠢᠢᠷ᠎ᠠ ᠢᠢᠨ ᠬᠤᠭᠤᠴᠠᠭᠠᠨ ᠳᠤ ᠬᠡᠷᠡᠭᠵᠢᠨ᠎ᠡ ᠭᠡᠳᠡᠭ ᠲᠥ ᠡᠷᠡᠭᠡᠯᠵᠡᠬᠦ ᠦᠭᠡᠢ ᠪᠠᠢᠢᠭ᠎ᠠ ᠪᠠᠨ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠦᠷᠭᠦᠯᠵᠢᠯᠡᠭᠦᠯᠦᠨ᠂ ᠮᠣᠩ᠋ᠭᠣᠯ ᠤᠯᠤᠰ ᠨᠢ 《ᠭᠤᠷᠪᠠᠳᠠᠭᠴᠢ ᠬᠥᠷᠰᠢ》᠂ ᠰᠲ᠋ᠷᠠᠲ᠋ᠧᠭᠢ ᠢᠢᠨ ᠲᠦᠩᠰᠢ ᠠᠮᠧᠷᠢᠺᠠ ᠢᠢᠨ ᠨᠢᠭᠡᠳᠦᠭᠰᠡᠨ ᠤᠯᠤᠰ ᠢ ᠬᠤᠳᠠᠯᠳᠤᠭ᠎ᠠ᠂ ᠬᠥᠷᠦᠩᠭᠡ ᠣᠷᠣᠭᠤᠯᠤᠯᠲᠠ ᠢᠢᠨ ᠲᠣᠮᠣᠬᠠᠨ ᠲᠦᠩᠰᠢ ᠪᠠᠢᠢᠯᠭᠠᠬᠤ ᠰᠣᠨᠢᠷᠬᠠᠯ ᠲᠠᠢ ᠪᠠᠢᠢᠳᠠᠭ ᠢ ᠢᠯᠡᠷᠬᠡᠢᠢᠯᠡᠵᠦ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠡᠳ᠋ ᠍ ᠦᠨ ᠵᠠᠰᠠᠭ ᠤᠨ ᠠᠭᠤᠯᠭ᠎ᠠ ᠪᠠᠷ ᠲᠦᠯᠬᠢᠭᠦᠦ ᠬᠥᠭ᠍ᠵᠢᠭᠦᠯᠬᠦ ᠨᠥᠭᠡᠴᠡ᠂ ᠪᠣᠯᠤᠮᠵᠢ ᠨᠤᠭᠤᠳ ᠤᠨ ᠲᠠᠯ᠎ᠠ ᠪᠠᠷ ᠰᠠᠨᠠᠯ ᠰᠣᠯᠢᠯᠴᠠᠯ᠎ᠠ᠃

ᠲᠤᠬᠠᠢᠢᠯᠠᠪᠠᠯ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰ ᠲᠤ ᠥᠷᠭᠡᠨ ᠪᠠᠷᠢᠭᠠᠳ ᠪᠤᠢ ᠭᠤᠷᠪᠠᠳᠠᠭᠴᠢ ᠬᠥᠷᠰᠢ ᠢᠢᠨ ᠬᠤᠳᠠᠯᠳᠤᠭᠠᠨ ᠤ ᠬᠠᠤᠯᠢ ᠢᠢᠨ ᠲᠥᠰᠥᠯ ᠨᠢ ᠬᠣᠶᠠᠷ ᠣᠷᠣᠨ ᠤ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ᠂ ᠣᠶᠣᠳᠠᠯ ᠤᠨ ᠪᠣᠯᠤᠨ ᠰᠦᠯᠵᠢᠮᠡᠯ ᠦᠨ ᠰᠠᠯᠪᠤᠷᠢ ᠢᠢᠨ ᠬᠥᠭ᠍ᠵᠢᠯ ᠢ ᠤᠷᠤᠭᠰᠢᠯᠠᠭᠤᠯᠬᠤ᠂ ᠡᠮᠡᠭᠲᠡᠢᠢᠴᠦᠳ ᠦᠨ ᠠᠵᠢᠯ ᠡᠷᠬᠢᠯᠡᠯᠲᠡ ᠢᠢ ᠳᠡᠮᠵᠢᠬᠦ ᠴᠢᠬᠤᠯᠠ ᠠᠴᠢ ᠬᠣᠯᠪᠣᠭᠳᠠᠯ ᠲᠠᠢ ᠪᠣᠯᠬᠤ ᠲᠠᠯ᠎ᠠ ᠪᠠᠷ ᠶᠠᠷᠢᠯᠴᠠᠵᠤ᠂ ᠡᠨᠡ ᠴᠢᠭᠯᠡᠯ ᠳᠥ ᠪᠣᠯᠤᠨ ᠮᠣᠩ᠋ᠭᠣᠯ ᠤᠯᠤᠰ-ᠠᠮᠧᠷᠢᠺᠠ ᠢᠢᠨ ᠨᠢᠭᠡᠳᠦᠭᠰᠡᠨ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠥᠷᠭᠡᠨ ᠬᠦᠷᠢᠶᠡᠨ ᠳᠥ ᠬᠥᠭ᠍ᠵᠢᠭᠦᠯᠬᠦ ᠢᠢᠨ ᠲᠥᠯᠥᠭᠡ ᠬᠠᠮᠲᠤᠷᠠᠨ ᠠᠵᠢᠯᠯᠠᠬᠤ ᠳᠤ ᠪᠡᠯᠡᠨ ᠪᠠᠢᠢᠭ᠎ᠠ ᠪᠠᠨ ᠬᠠᠷᠢᠯᠴᠠᠨ ᠢᠯᠡᠷᠬᠡᠢᠢᠯᠡᠪᠡ᠃

ᠶᠠᠷᠢᠶᠠᠨ ᠤ ᠲᠡᠭᠦᠰᠬᠡᠯ ᠳᠥ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠳ᠋ᠤᠨᠠᠯᠳ᠋ ᠲᠷᠠᠮᠫ ᠲᠤ ᠬᠠᠯᠠᠭᠤᠨ ᠳᠣᠲᠣᠨᠣ ᠮᠡᠨᠳᠦᠴᠢᠯᠡᠭᠡ ᠳᠡᠪᠰᠢᠭᠦᠯᠵᠦ᠂ ᠨᠣᠶᠠᠨ ᠶᠡᠷᠦᠩᠬᠡᠢᠢᠯᠡᠭᠴᠢ ᠪᠣᠯᠤᠨ ᠲᠡᠷᠢᠭᠦᠨ ᠬᠠᠲᠤᠭᠲᠠᠢ ᠨᠠᠷ ᠢ ᠲᠦᠷᠭᠡᠨ ᠡᠳᠡᠭᠡᠬᠦ ᠢᠢ ᠬᠦᠰᠡᠵᠦ ᠪᠠᠢᠢᠭ᠎ᠠ ᠢᠢ ᠮᠣᠩ᠋ᠭᠣᠯ  ᠤᠨ ᠠᠷᠠᠳ ᠲᠦᠮᠡᠨ ᠦ ᠡᠮᠦᠨ᠎ᠡ ᠡᠴᠡ ᠤᠯᠠᠮᠵᠢᠯᠠᠵᠤ ᠥᠭ᠍ᠬᠦ ᠢᠢ ᠬᠦᠰᠡᠯ᠎ᠡ᠃