Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ᠄ ᠥᠭᠡᠷᠡᠴᠢᠯᠡᠯᠲᠡ ᠶᠢ ᠰᠣᠩ᠋ᠭᠣᠭᠤᠯᠢ ᠪᠠᠷ ᠬᠢᠳᠡᠭ ᠠᠷᠠᠳᠴᠢᠯᠠᠯ ᠤᠨ ᠠᠯᠲᠠᠨ ᠵᠠᠷᠴᠢᠮ ᠪᠤᠢ

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ /2020.10.15/ ᠥᠨᠥᠳᠥᠷ 15᠄00 ᠴᠠᠭ ᠲᠤ ᠶᠡᠷᠦᠩᠬᠡᠢ ᠪᠣᠯᠪᠠᠰᠤᠷᠠᠯ ᠤᠨ 48 ᠳ᠋ᠤᠭᠠᠷ ᠰᠤᠷᠭᠠᠭᠤᠯᠢ ᠶᠢᠨ ᠰᠣᠩ᠋ᠭᠣᠭᠤᠯᠢ ᠶᠢᠨ ᠰᠠᠨᠠᠯ ᠠᠪᠬᠤ ᠪᠠᠶᠢᠷᠢᠨ ᠳᠤ ᠣᠴᠢᠵᠤ ᠰᠠᠨᠠᠯ ᠢᠶᠠᠨ ᠥᠭ᠍ᠭᠦᠯ᠎ᠡ᠃

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠰᠠᠨᠠᠯ᠎ᠠ ᠥᠭ᠍ᠭᠦᠭ᠍ᠰᠡᠨ ᠦ ᠪᠡᠨ ᠳᠠᠷᠠᠭ᠎ᠠ ᠰᠣᠩ᠍ᠭᠣᠭᠴᠢᠳ ᠲᠤ ᠬᠠᠨᠳᠤᠨ ᠰᠣᠩ᠋ᠭᠣᠭᠤᠯᠢ ᠳᠠᠭᠠᠨ ᠢᠳᠡᠪᠬᠢᠲᠡᠢ ᠣᠷᠣᠯᠴᠠᠬᠤ ᠶᠢ ᠤᠷᠢᠶᠠᠯᠠᠪᠠ᠃

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ᠄
《…ᠦᠨᠳᠦᠰᠦᠨ ᠬᠠᠤᠯᠢ ᠳᠤ ᠵᠢᠭᠠᠭᠰᠠᠨ ᠡᠷᠬᠡ᠂ ᠡᠭᠦᠷᠭᠡ ᠶᠢᠨ ᠢᠶᠡᠨ ᠳᠠᠭᠠᠭᠤ ᠰᠠᠨᠠᠯ ᠢᠶᠠᠨ ᠥᠭ᠍ᠭᠦᠯ᠎ᠡ᠃ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠢᠷᠭᠡᠳ ᠦᠨ ᠲᠥᠯᠦᠭᠡᠯᠡᠭᠴᠢᠳ ᠦᠨ ᠬᠤᠷᠠᠯ ᠤᠨ ᠰᠣᠩ᠋ᠭᠣᠭᠤᠯᠢ ᠪᠣᠯ ᠮᠠᠰᠢ ᠴᠢᠬᠤᠯᠠ ᠰᠣᠩ᠋ᠭᠣᠭᠤᠯᠢ᠃ ᠶᠠᠭᠠᠬᠢᠭᠠᠳ ᠭᠡᠪᠡᠯ ᠲᠤᠬᠠᠢ ᠶᠢᠨ ᠣᠷᠣᠨ ᠨᠤᠲᠤᠭ ᠲᠤ ᠪᠠᠶᠢᠭ᠎ᠠ ᠢᠷᠭᠡᠳ᠂ ᠮᠠᠯᠴᠢᠳ ᠬᠦᠮᠦᠨ ᠪᠦᠷᠢ ᠲᠡᠳᠡᠨ ᠲᠡᠢ ᠬᠠᠮᠤᠭ ᠤᠨ ᠣᠶᠢᠷ᠎ᠠ ᠬᠠᠮᠲᠤᠷᠠᠨ ᠠᠵᠢᠯᠯᠠᠬᠤ ᠲᠥᠯᠥᠭᠡᠯᠡᠭᠴᠢ ᠪᠡᠨ ᠰᠤᠩ᠋ᠭᠤᠬᠤ ᠬᠠᠷᠢᠭᠤᠴᠠᠯᠭ᠎ᠠ ᠲᠠᠢ ᠰᠣᠩ᠋ᠭᠣᠭᠤᠯᠢ ᠶᠤᠮ᠃

ᠥᠨᠥᠳᠥᠷ ᠡᠳᠦᠷ ᠦᠨ 15᠄00 ᠴᠠᠭ ᠤᠨ ᠪᠠᠶᠢᠳᠠᠯ ᠢᠶᠠᠷ ᠨᠡᠶᠢᠲᠡ ᠰᠣᠩ᠋ᠭᠣᠭᠴᠢᠳ ᠤᠨ ᠢᠷᠡᠴᠡ 35 ᠬᠤᠪᠢ ᠲᠠᠢ ᠪᠠᠶᠢᠨ᠎ᠠ᠃ ᠡᠨᠡ ᠪᠣᠯ ᠢᠷᠡᠴᠡ ᠪᠠᠭ᠎ᠠ ᠪᠠᠶᠢᠨ᠎ᠠ ᠭᠡᠰᠡᠨ ᠦᠭᠡ᠃

ᠵᠠᠯᠠᠭᠤᠰ ᠮᠠᠨᠢ ᠰᠣᠩ᠋ᠭᠣᠭᠤᠯᠢ ᠳᠠᠭᠠᠨ ᠢᠳᠡᠪᠬᠢᠲᠡᠢ ᠣᠷᠣᠯᠴᠠᠭᠠᠷᠠᠢ᠃ ᠰᠣᠩ᠋ᠭᠣᠭᠤᠯᠢ ᠪᠠᠨ ᠥᠭ᠍ᠭᠦᠭᠡ ᠦᠭᠡᠢ ᠪᠠᠶᠢᠭ᠎ᠠ ᠢᠷᠭᠡᠨ ᠪᠦᠷᠢ ᠰᠠᠨᠠᠭᠠᠴᠢᠯᠭ᠎ᠠ ᠲᠠᠢ ᠪᠠᠶᠢᠵᠤ᠂ ᠰᠠᠨᠠᠯ ᠬᠤᠷᠢᠶᠠᠬᠤ ᠴᠠᠭ ᠳᠠᠭᠤᠰᠬᠤ ᠠᠴᠠ ᠡᠮᠦᠨ᠎ᠡ ᠰᠠᠨᠠᠯ ᠢᠶᠠᠨ ᠥᠭᠴᠦ᠂ ᠢᠷᠭᠡᠨ ᠦ ᠪᠡᠨ ᠡᠷᠬᠡ᠂ ᠡᠭᠦᠷᠭᠡ ᠶᠢ ᠪᠡᠶᠡᠯᠡᠭᠦᠯᠬᠦ ᠬᠡᠷᠡᠭᠲᠡᠢ ᠪᠠᠶᠢᠨ᠎ᠠ᠃ ᠰᠣᠩ᠋ᠭᠣᠭᠤᠯᠢ ᠳᠤ ᠣᠷᠣᠯᠴᠠᠭ᠎ᠠ ᠦᠭᠡᠢ᠂ ᠰᠣᠩ᠋ᠭᠣᠭᠤᠯᠢ ᠪᠠᠷ ᠨᠡᠶᠢᠭᠡᠮ ᠦᠨ ᠬᠠᠷᠢᠯᠴᠠᠭ᠎ᠠ ᠶᠢ ᠥᠭᠡᠷᠡᠴᠢᠯᠡᠭᠡ ᠦᠭᠡᠢ ᠪᠠᠶᠢᠵᠤ ᠳᠠᠷᠠᠭ᠎ᠠ ᠨᠢ ᠬᠠᠷᠢᠭᠤᠴᠠᠯᠭ᠎ᠠ ᠲᠣᠭᠠᠴᠠᠬᠤ᠂ ᠨᠡᠬᠡᠬᠦ ᠨᠢ ᠪᠣᠯᠤᠮᠵᠢ ᠦᠭᠡᠢ ᠵᠦᠢᠯ᠃

ᠵᠢᠱᠢᠶᠡᠯᠡᠪᠡᠯ᠂ ᠬᠡᠦᠬᠡᠳ ᠦᠨ ᠰᠢᠷ᠎ᠠ ᠠᠦ᠋ᠲ᠋ᠣᠪᠦ᠋ᠰ ᠢ ᠬᠤᠳᠠᠯᠳᠤᠨ ᠠᠪᠤᠭᠰᠠᠨ ᠦᠨ᠎ᠡ ᠶᠢᠨ ᠠᠰᠠᠭᠤᠳᠠᠯ ᠳᠡᠭᠡᠷ᠎ᠡ ᠮᠠᠷᠭᠤᠭᠠᠨ ᠭᠠᠷᠤᠭᠰᠠᠨ ᠪᠠᠶᠢᠨ᠎ᠠ᠃ 40 ᠮᠢᠩ᠋ᠭ᠎ᠠ᠂ 45 ᠮᠢᠩ᠋ᠭᠠᠨ᠂ 50 ᠮᠢᠩ᠋ᠭ᠎ᠠ᠂ 130 ᠮᠢᠩ᠋ᠭᠠᠨ ᠠᠮ‍.ᠳ᠋ᠣᠯᠯᠠᠷ ᠭᠡᠬᠦ ᠵᠡᠷᠭᠡ ᠪᠡᠷ᠃ ᠡᠨᠡ ᠶᠠᠭᠤ ᠭᠡᠰᠡᠨ ᠦᠭᠡ ᠪᠤᠢ ᠭᠡᠬᠦ ᠪᠡᠷ ᠨᠡᠶᠢᠰᠯᠡᠯ ᠦᠨ ᠢᠷᠭᠡᠳ ᠦ ᠲᠥᠯᠦᠭᠡᠯᠡᠭᠴᠢᠳ ᠦᠨ ᠬᠤᠷᠠᠯ ᠤᠨ ᠲᠥᠯᠦᠭᠡᠯᠡᠭᠴᠢᠳ ᠲᠧᠨ᠋ᠳᠧᠷ ᠲᠥ ᠬᠢᠨᠠᠯᠲᠠ ᠲᠠᠯᠪᠢᠵᠤ ᠠᠵᠢᠯᠯᠠᠭᠰᠠᠨ ᠪᠣᠯ ᠡᠶᠢᠮᠦ ᠮᠠᠷᠭᠤᠭᠠᠨ ᠭᠠᠷᠴᠤ᠂ ᠢᠷᠭᠡᠳ ᠢ ᠲᠠᠯᠠᠴᠠᠭᠤᠯᠬᠤ ᠦᠭᠡᠢ ᠪᠠᠶᠢᠬᠤ ᠵᠢᠱᠢᠶ᠎ᠡ ᠲᠡᠢ᠃

ᠡᠶᠢᠮᠦ ᠤᠴᠢᠷ ᠠᠴᠠ ᠥᠭᠡᠷᠡᠴᠢᠯᠡᠯᠲᠡ ᠶᠢ ᠰᠣᠩ᠋ᠭᠣᠭᠤᠯᠢ ᠪᠠᠷ ᠬᠢᠳᠡᠭ ᠠᠷᠠᠳᠴᠢᠯᠠᠯ ᠤᠨ ᠠᠯᠲᠠᠨ ᠵᠠᠷᠴᠢᠮ ᠪᠤᠢ᠃ ᠡᠭᠦᠨ ᠢ ᠬᠢᠬᠦ ᠶᠢᠨ ᠲᠥᠯᠥᠭᠡ ᠢᠷᠭᠡᠳ ᠮᠠᠨᠢ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠡᠭᠡᠯᠵᠢᠲᠦ ᠰᠣᠩ᠋ᠭᠣᠭᠤᠯᠢ ᠳᠠᠭᠠᠨ ᠢᠳᠡᠪᠬᠢᠲᠡᠢ ᠣᠷᠣᠯᠴᠠᠵᠤ᠂ ᠥᠭᠡᠷᠡᠴᠢᠯᠡᠯᠲᠡ ᠶᠢ ᠬᠢᠬᠦ ᠬᠡᠷᠡᠭᠲᠡᠢ ᠪᠠᠶᠢᠨ᠎ᠠ》 ᠬᠡᠮᠡᠨ ᠤᠷᠢᠶᠠᠯᠠᠯ᠎ᠠ᠃